ᠮᠠᠨ ᠤ ᠤᠷᠤᠨ ᠠᠩᠬᠠᠳᠠᠭᠴᠢ ᠡᠨᠧᠷᠬᠢ ᠶᠢᠨ ᠬᠤᠷᠤᠭᠳᠠᠯ ᠢᠶᠠᠷ ᠪᠠᠭ᠎ᠠ ᠦᠨᠳᠦᠷ ᠳᠤᠯᠠᠭᠠᠨ ᠳᠤ ᠱᠦᠯᠳᠦᠯᠢᠭ ᠴᠢᠨᠠᠷᠳᠠᠢ ᠤᠰᠤᠲᠥ᠋ᠷᠥᠭᠴᠢ ᠦᠢᠯᠡᠳᠬᠦ ᠴᠠᠬᠢᠯᠭᠠᠨ ᠵᠠᠳᠠᠯᠤᠯᠳᠠ ᠶᠢᠨ ᠤᠩᠭᠤᠴᠠ ᠶᠢ ᠠᠮᠵᠢᠯᠳᠠ ᠲᠠᠢ ᠦᠢᠯᠡᠳᠪᠦᠷᠢᠯᠡᠪᠠ
ᠨᠡᠶᠢᠲᠡᠯᠡᠭᠰᠡᠨ ᠴᠠᠭ᠄
2023/11/7
      10 ᠰᠠᠷ᠎ᠠ ᠶᠢᠨ 30 ᠤ ᠡᠳᠦᠷ᠂ ᠮᠠᠨ ᠤ ᠤᠷᠤᠨ ᠤ ᠠᠩᠬᠠᠳᠠᠭᠴᠢ ᠬᠤᠶᠠᠳᠤᠭᠠᠷ ᠦᠶ᠎ᠡ ᠶᠢᠨ 1500Nm3/h ᠥᠨᠳᠥᠷ ᠳᠤᠯᠠᠭᠠᠨ ᠳᠤ ᠱᠦᠯᠲᠦᠯᠢᠭ ᠴᠢᠨᠠᠷᠲᠠᠢ ᠤᠰᠤᠲᠥ᠋ᠷᠥᠭᠴᠢ ᠦᠢᠯᠡᠳᠬᠦ ᠴᠠᠬᠢᠯᠭᠠᠨ ᠵᠠᠳᠠᠯᠤᠯᠲᠠ ᠶᠢᠨ ᠣᠩᠭᠤᠴᠠ ᠪᠠ ᠭᠤᠷᠪᠠᠳᠤᠭᠠᠷ ᠦᠶ᠎ᠡ ᠶᠢᠨ 0.2MW ᠡᠨᠧᠷᠭᠢ ᠶᠢᠨ ᠬᠤᠷᠣᠭᠳᠠᠯ ᠢᠶᠠᠷ ᠬᠡᠳᠦ ᠪᠠᠭ᠎ᠠ ᠥᠨᠳᠥᠷ ᠳᠤᠯᠠᠭᠠᠨ ᠳᠤ ᠱᠦᠯᠲᠦᠯᠢᠭ ᠴᠢᠨᠠᠷᠲᠠᠢ ᠤᠰᠤᠲᠥ᠋ᠷᠥᠭᠴᠢ ᠦᠢᠯᠡᠳᠬᠦ ᠴᠠᠬᠢᠯᠭᠠᠨ ᠵᠠᠳᠠᠯᠤᠯᠲᠠ ᠶᠢᠨ ᠣᠩᠭᠤᠴᠠ ᠶᠢ ᠦᠢᠯᠡᠳᠪᠦᠷᠢᠯᠡᠵᠦ ᠭᠠᠷᠭᠠᠭᠰᠠᠨ ᠶᠣᠰᠣᠯᠠᠯ ᠤᠷᠳᠤᠰ ᠬᠤᠳᠠ ᠶᠢᠨ ᠳᠡᠭᠡᠳᠦ ᠰᠢᠨ᠎ᠡ ᠲᠧᠭᠨᠢᠭ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠲᠤ ᠶᠠᠪᠤᠭᠳᠠᠪᠠ᠃ ᠲᠣᠰ ᠬᠤᠶᠠᠷ ᠲᠦᠷᠦᠯ ᠤᠨ ᠴᠠᠬᠢᠯᠭᠠᠨ ᠵᠠᠳᠠᠯᠤᠯᠲᠠ ᠶᠢᠨ ᠣᠩᠭᠤᠴᠠ ᠶᠢ ᠠᠮᠵᠢᠯᠳᠠ ᠲᠠᠢ ᠦᠢᠯᠡᠳᠪᠦᠷᠢᠯᠡᠭᠰᠡᠨ ᠨᠢ ᠮᠠᠨ ᠤ ᠣᠷᠣᠨ ᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠪᠠᠰᠠ ᠨᠢᠭᠡᠨ ᠬᠦᠰᠢᠶ᠎ᠡ ᠳᠡᠮᠳᠡᠭ ᠤᠨ ᠴᠢᠨᠠᠷᠳᠠᠢ ᠠᠴᠢ ᠬᠤᠯᠪᠤᠭᠳᠠᠯ ᠲᠠᠢ ᠪᠦᠭᠡᠳ ᠣᠷᠳᠣᠰ ᠬᠤᠳᠠ ᠶᠢᠨ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠰᠡᠨ ᠰᠢᠨ᠎ᠡ ᠬᠢᠯᠠᠰ ᠴᠡᠭ ᠪᠤᠯᠪᠠ᠃      ᠲᠤᠰ ᠬᠤᠶᠠᠷ ᠲᠦᠷᠦᠯ ᠤᠨ ᠥᠨᠳᠥᠷ ᠳᠤᠯᠠᠭᠠᠨ ᠳᠤ ᠱᠦᠯᠲᠦᠯᠢᠭ ᠴᠢᠨᠠᠷᠲᠠᠢ ᠤᠰᠤᠲᠥ᠋ᠷᠥᠭᠴᠢ ᠦᠢᠯᠡᠳᠬᠦ ᠴᠠᠬᠢᠯᠭᠠᠨ ᠵᠠᠳᠠᠯᠤᠯᠲᠠ ᠶᠢᠨ ᠣᠩᠭᠤᠴᠠ ᠶᠢ ᠣᠷᠳᠣᠰ ᠬᠤᠳᠠ ᠶᠢᠨ ᠭᠦᠸᠧ ᠱᠧᠩ ᠯᠢ ᠬᠤᠸᠠ ᠤᠰᠤᠲᠥ᠋ᠷᠥᠭᠴᠢ ᠶᠢᠨ ᠲᠤᠨᠤᠭ ᠲᠥᠬᠦᠭᠡᠷᠦᠮᠵᠢ ᠦᠢᠯᠡᠳᠪᠦᠷᠢᠯᠡᠬᠦ ᠬᠢᠵᠠᠭᠠᠷᠲᠤ ᠺᠣᠮᠫᠠᠨᠢ ᠪᠠ ᠴᠢᠩᠬᠤᠸᠠ ᠶᠡᠭᠡ ᠰᠤᠷᠭᠠᠭᠤᠯᠢ ᠶᠢᠨ ᠡᠨᠧᠷᠭᠢ ᠪᠣᠯᠣᠨ ᠬᠥᠳᠡᠯᠭᠡᠬᠦ ᠬᠦᠴᠦᠨ ᠤ ᠢᠨᠵᠧᠨᠧᠷᠢᠩ ᠤᠨ ᠰᠠᠯᠪᠤᠷᠢ ᠬᠠᠮᠲᠤ ᠪᠠᠷ ᠰᠤᠳᠤᠯᠤᠨ ᠨᠡᠭᠡᠭᠡᠵᠡᠢ᠃ ᠴᠠᠬᠢᠯᠭᠠᠨ ᠵᠠᠳᠠᠯᠤᠯᠳᠠ ᠶᠢᠨ ᠲᠦᠢᠯ ᠤᠨ ᠬᠠᠪᠲᠠᠰᠤ ᠵᠢᠴᠢ ᠬᠠᠯᠠᠭᠤᠨ ᠤᠷᠤᠰᠤᠮᠠᠯ ᠪᠡᠶᠡᠲᠤ ᠶᠢᠨ ᠲᠠᠷᠬᠠᠯᠲᠠ ᠶᠢᠨ ᠴᠠᠬᠢᠯᠭᠠᠨ ᠭᠦᠶᠦᠳᠡᠯ ᠤᠨ ᠮᠡᠷᠭᠡᠵᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠴᠠᠬᠢᠯᠭᠠᠨ ᠵᠠᠳᠠᠯᠤᠯᠳᠠ ᠶᠢᠨ ᠴᠠᠬᠢᠯᠭᠠᠨ ᠤ ᠬᠤᠷᠣᠭᠳᠠᠯ ᠢ ᠪᠠᠭᠠᠰᠬᠠᠵᠤ᠂ ᠴᠠᠬᠢᠯᠭᠠᠨ ᠵᠠᠳᠠᠯᠤᠯᠳᠠ ᠶᠢᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ ᠠᠷᠪᠢᠯᠠᠬᠤ ᠶᠢᠨ ᠬᠠᠮᠲᠤ ᠠᠶᠤᠯᠭᠦᠢ ᠪᠥᠭᠡᠳ ᠨᠠᠶᠢᠳᠠᠪᠤᠷᠢᠲᠠᠢ᠂ ᠬᠡᠷᠡᠭᠯᠡᠭᠡᠨ ᠤ ᠠᠮᠢ ᠨᠠᠰᠤ ᠤᠷᠳᠤ᠂ ᠤᠰᠤᠲᠥ᠋ᠷᠥᠭᠴᠢ ᠦᠢᠯᠡᠳᠬᠦ ᠠᠰᠢᠭᠯᠠᠮᠵᠢ ᠥᠨᠳᠥᠷ᠂ ᠤᠰᠤᠲᠥ᠋ᠷᠥᠭᠴᠢ ᠡᠭᠦᠰᠬᠡᠬᠦ ᠳᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠵᠤ ᠪᠣᠯᠬᠤ ᠵᠡᠷᠭᠡ ᠣᠨᠴᠠᠯᠢᠭ ᠲᠠᠢ ᠪᠠᠶᠢᠵᠤ᠂ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠦᠭᠰᠡᠨ ᠪᠠᠶᠢᠨ᠎ᠠ᠃ ᠲᠣᠰ ᠦᠢᠯᠡᠳᠬᠦᠨ ᠢ ᠪᠤᠬᠢᠷᠳᠤᠯ ᠦᠭᠡᠢ ᠴᠠᠬᠢᠯᠭᠠᠨ ᠪᠤᠬᠢᠷᠳᠤᠯ ᠦᠭᠡᠢ ᠤᠰᠤᠲᠥ᠋ᠷᠥᠭᠴᠢ ᠦᠢᠯᠡᠳᠬᠦ ᠵᠢᠴᠢ ᠪᠣᠬᠢᠷᠲᠤᠯ ᠦᠭᠡᠢ ᠬᠢᠮᠢ ᠶᠢᠨ ᠠᠵᠤ ᠦᠢᠯᠡᠳᠪᠦᠷᠢ᠂ ᠰᠠᠯᠬᠢᠨ ᠬᠦᠴᠦ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠬᠦᠷᠢᠶᠡᠨ ᠳᠤ ᠬᠡᠷᠡᠭᠯᠡᠵᠦ ᠪᠣᠯᠬᠤ ᠪᠥᠭᠡᠳ ᠳᠠᠬᠢᠯᠳᠠ ᠡᠨᠧᠷᠭᠢ ᠶᠢᠨ ᠶᠡᠭᠡ ᠬᠡᠪᠴᠢᠶ᠎ᠡ ᠪᠠᠷ ᠪᠣᠬᠢᠷᠲᠤᠯ ᠦᠭᠡᠢ ᠤᠰᠤᠲᠥ᠋ᠷᠥᠭᠴᠢ ᠦᠢᠯᠡᠳᠬᠦ ᠭᠤᠣᠯ ᠳᠤᠨᠤᠭ ᠲᠥᠬᠦᠭᠡᠷᠦᠮᠵᠢ ᠪᠠᠶᠢᠵᠤ᠂ ᠪᠦᠬᠦ᠋ᠢᠯᠡ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠬᠦ ᠪᠤᠯᠤᠨ᠎ᠠ᠃   
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ