ᠬᠥᠬᠡᠨᠠᠭᠤᠷ ᠲᠥᠪᠡᠳ ᠤᠨ ᠥᠨᠳᠦᠷᠯᠢᠭ ᠤᠨ ᠴᠠᠭᠠᠨ ᠢᠷᠪᠢᠰ ᠢ ᠬᠠᠮᠠᠭᠠᠯᠠᠬᠤ ᠬᠤᠯᠪᠣᠭ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/11/7
     10 ᠰᠠᠷ᠎ᠠ ᠶᠢᠨ 23 ᠤ ᠡᠳᠦᠷ ᠪᠣᠯ ︽ᠳᠡᠯᠡᠬᠡᠢ ᠶᠢᠨ ᠴᠠᠭᠠᠨ ᠢᠷᠪᠢᠰ ᠤᠨ ᠡᠳᠦᠷ︾ ᠮᠦᠨ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠴᠠᠭᠠᠨ ᠢᠷᠪᠢᠰ ᠢ ᠬᠠᠮᠠᠭᠠᠯᠠᠬᠤ ᠰᠤᠳᠤᠯᠤᠨ ᠶᠠᠷᠢᠯᠴᠠᠬᠤ ᠬᠤᠷᠠᠯ ᠵᠢᠴᠢ ᠬᠥᠬᠡᠨᠠᠭᠤᠷ ᠲᠥᠪᠡᠳ ᠤᠨ ᠥᠨᠳᠦᠷᠯᠢᠭ ᠤᠨ ᠴᠠᠭᠠᠨ ᠢᠷᠪᠢᠰ ᠢ ᠬᠠᠮᠠᠭᠠᠯᠠᠬᠤ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠰᠢᠨᠢᠩ ᠳᠤ ᠶᠠᠪᠤᠬᠳᠠᠪᠠ᠃     ᠨᠡᠶᠢᠲᠡ 96 ᠨᠢᠭᠡᠴᠢ ᠢᠳᠡᠪᠬᠢᠲᠡᠢ ᠴᠤᠤᠷᠢᠶᠠᠲᠤᠨ ᠳᠠᠭᠠᠭᠰᠠᠨ ᠪᠥᠭᠡᠳ ᠬᠥᠬᠡᠨᠠᠭᠤᠷ ᠲᠥᠪᠡᠳ ᠤᠨ ᠥᠨᠳᠦᠷᠯᠢᠭ ᠤᠨ ᠴᠠᠭᠠᠨ ᠢᠷᠪᠢᠰ ᠢ ᠬᠠᠮᠠᠭᠠᠯᠠᠬᠤ ᠬᠤᠯᠪᠣᠭ᠎ᠠ ᠳᠤ ᠣᠷᠣᠯᠴᠠᠵᠤ᠂ ᠴᠠᠭᠠᠨ ᠢᠷᠪᠢᠰ ᠢ ᠬᠠᠮᠠᠭᠠᠯᠠᠬᠤ ᠦᠢᠯᠡᠰ ᠢ ᠣᠷᠳᠣ ᠬᠤᠭᠤᠴᠠᠭ᠎ᠠ ᠪᠠᠷ ᠠᠩᠬᠠᠷᠴᠤ ᠪᠠᠶᠢᠭᠰᠠᠨ 200 ᠭᠠᠷᠤᠢ ᠬᠦᠮᠦᠰ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠤᠰᠬᠠᠢ ᠮᠡᠷᠭᠡᠵᠢᠯᠲᠡᠨ ᠡᠷᠳᠡᠮᠲᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠡᠯ᠎ᠡ ᠱᠠᠲᠤᠨ ᠤ ᠵᠠᠭᠤᠴᠢᠯᠠᠭᠤᠷ ᠴᠤᠭᠯᠠᠷᠠᠨ᠂ ᠴᠠᠭᠠᠨ ᠢᠷᠪᠢᠰ ᠢ ᠬᠠᠮᠠᠭᠠᠯᠠᠬᠤ ᠦᠢᠯᠡᠰ ᠤᠨ ᠲᠤᠬᠠᠢ ᠬᠠᠮᠲᠤ ᠪᠠᠷ ᠶᠠᠷᠢᠯᠴᠠᠵᠤ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠴᠠᠭᠠᠨ ᠢᠷᠪᠢᠰ ᠢ ᠬᠠᠮᠠᠭᠠᠯᠠᠬᠤ ᠬᠤᠯᠪᠣᠭ᠎ᠠ ᠶᠢᠨ ᠬᠥᠭᠵᠢᠯᠲᠡ ᠶᠢᠨ ᠠᠵᠠ ᠲᠣᠬᠢᠶᠠᠯ ᠢ ᠶᠠᠷᠢᠯᠴᠠᠵᠤ᠂ ᠬᠢᠨᠠᠨ ᠬᠡᠮᠵᠢᠬᠦ ᠰᠤᠳᠤᠯᠭᠠᠨ ᠤ ᠲᠤᠷᠰᠢᠯᠭ᠎ᠠ ᠪᠠᠨ ᠬᠤᠪᠢᠶᠠᠯᠴᠠᠵᠤ᠂ ᠬᠠᠮᠠᠭᠠᠯᠠᠬᠤ ᠠᠷᠭ᠎ᠠ ᠵᠠᠮ ᠢ ᠬᠠᠶᠢᠨ ᠰᠦᠪᠡᠭᠴᠢᠯᠡᠭᠰᠡᠨ ᠪᠠᠶᠢᠨ᠎ᠠ᠃  
ᠢᠷᠡᠯᠲᠡ᠄ ︽ᠲᠥᠪ ᠲᠧᠯᠸᠢᠰ ᠤᠨ ᠰᠣᠨᠢᠨ ᠮᠡᠳᠡᠭᠡᠨ ᠤ ᠰᠢᠯᠵᠢᠶ᠎ᠡ︾ ᠠᠴᠠ