| ᠰᠤᠷᠪᠤᠯᠵᠢᠯᠠᠭᠴᠢ ᠲᠦᠷᠦᠭᠦᠬᠡᠨ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ | ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠠᠴᠠ ᠬᠠᠮᠲᠤᠷᠠᠨ | ᠵᠣᠬᠢᠶᠠᠨ ᠪᠠᠶᠢᠭᠤᠯᠤᠭᠰᠠᠨ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠬᠠᠭᠤᠴᠢ ᠰᠤᠳᠤᠯᠤᠯ ᠤᠨ ᠪᠠᠭ ᠠᠴᠠ ᠣᠶᠢᠯᠠᠭᠠᠵᠤ ᠮᠡᠳᠡᠭᠰᠡᠨ ᠢᠶᠠᠷ᠂ ᠬᠠᠭᠤᠴᠢ ᠰᠤᠳᠤᠯᠤᠭᠴᠢᠳ | ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠪᠠᠭᠤᠷᠢ ᠠᠴᠠ ᠨᠢᠭᠡᠨ ᠬᠡᠰᠡᠭ ᠪᠠᠶᠢᠷᠢᠰᠢᠯ ᠨᠢ ᠲᠣᠳᠣᠷᠬᠠᠢ᠂ ᠪᠠᠭᠲᠠᠭᠠᠮᠵᠢ ᠨᠢ ᠮᠠᠰᠢ ᠶᠡᠭᠡ ᠵᠡᠭᠦᠨᠰᠢ | ᠬᠠᠨᠳᠤᠭᠰᠠᠨ ᠪᠠᠷᠢᠯᠭ᠎ᠠ ᠶᠢᠨ ᠰᠠᠭᠤᠷᠢ ᠶᠢ ᠢᠯᠡᠷᠡᠭᠦᠯᠪᠡ᠂ ᠰᠤᠳᠤᠯᠤᠬᠴᠢᠳ ᠤᠨ ᠦᠵᠡᠬᠦ ᠪᠠᠷ᠂ ᠡᠨᠡ ᠬᠦ ᠲᠣᠮᠣ ᠬᠡᠯᠪᠡᠷᠢ ᠶᠢᠨ ᠪᠠᠷᠢᠯᠭ᠎ᠠ ᠶᠢᠨ ᠰᠠᠭᠤᠷᠢ ᠪᠣᠯ ᠯᠢᠶᠣᠤ | ᠤᠯᠤᠰ ᠤᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠳᠣᠲᠣᠷᠠᠬᠢ ᠴᠢᠬᠤᠯᠠ ᠪᠠᠷᠢᠯᠭ᠎ᠠ ᠪᠠᠶᠢᠵᠤ᠂ ᠬᠠᠭᠠᠨ ᠤ ᠬᠤᠲᠠ ᠶᠢᠨ ᠪᠠᠶᠢᠷᠢᠰᠢᠯ ᠢ ᠲᠠᠨᠢᠬᠤ᠂ ᠬᠠᠭᠠᠨ ᠤ | ᠤᠷᠳᠤᠨ ᠤ ᠶᠣᠰᠣ ᠵᠢᠷᠤᠮᠳᠦ ᠪᠠᠷᠢᠯᠭ᠎ᠠ ᠶᠢ ᠤᠯᠠᠮ ᠨᠢᠭᠡ ᠠᠯᠬᠤᠮ ᠰᠦᠪᠡᠭᠴᠢᠯᠡᠬᠦ ᠳᠤ ᠮᠠᠰᠢ ᠴᠢᠬᠤᠯᠠ ᠰᠦᠪᠡᠭᠴᠢ ᠬᠠᠩᠭᠠᠭᠰᠠᠨ ᠪᠠᠶᠢᠨ᠎ᠠ᠃ | ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠪᠠᠭᠤᠷᠢ ᠨᠢ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤᠨ ᠤ ᠵᠡᠭᠦᠨ ᠡᠮᠦᠨ᠎ᠡ | ᠪᠠᠶᠢᠷᠢᠯᠠᠵᠤ᠂ ᠪᠠᠭᠤᠷᠢ ᠶᠢᠨ ᠬᠠᠪᠲᠠᠭᠠᠢ ᠳᠦᠷᠰᠤ ᠨᠢ ︽ᠿᠢ ︵日︶︾ ᠦᠰᠦᠭ ᠤᠨ ᠬᠡᠯᠪᠡᠷᠢ ᠲᠠᠢ ᠪᠠᠶᠢᠵᠤ᠂ ᠤᠮᠠᠷᠠᠲᠤ ᠬᠡᠰᠡᠭ ᠤᠨ ᠬᠠᠭᠠᠨ ᠤ ᠬᠤᠲᠠ ᠪᠠ ᠡᠮᠦᠨᠡᠲᠦ | ᠬᠡᠰᠡᠭ ᠤᠨ ᠬᠠᠨᠴᠧᠩ ᠬᠤᠲᠠ ᠶᠢᠨ ᠬᠤᠶᠠᠷ ᠬᠡᠰᠡᠭ ᠢᠶᠠᠷ ᠪᠦᠷᠢᠯᠳᠦᠵᠡᠢ᠃ 2021 ᠣᠨ ᠳᠤ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠪᠠᠭᠤᠷᠢ ᠮᠠᠨ ᠤ ᠤᠯᠤᠰ ᠤᠨ | ︽ᠵᠠᠭᠤᠨ ᠵᠢᠯ ᠤᠨ ᠬᠠᠭᠤᠴᠢ ᠰᠤᠳᠤᠯᠤᠯ ᠤᠨ ᠵᠠᠭᠤᠨ ᠢᠯᠡᠷᠡᠭᠦᠯᠦᠯᠲᠡ︾ ᠳᠤ ᠰᠣᠩᠭᠤᠭᠳᠠᠪᠠ᠃ | |