ᠬᠤᠲᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠯᠢ ᠯᠢ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/11/8
      ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠴᠢᠬᠤᠯᠠ ᠶᠠᠷᠢᠶ᠎ᠠ᠂ ᠪᠠᠶᠠᠷ ᠤᠨ ᠵᠠᠬᠢᠳᠠᠯ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠦᠪᠯᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠣᠯᠤᠨ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠲᠠᠢ ᠬᠠᠮᠲᠤ ᠶᠢᠨ ᠶᠠᠷᠢᠯᠴᠠᠭ᠎ᠠ ᠬᠢᠬᠦ ᠳᠡᠭᠡᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠣᠶ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠶᠢᠰᠦᠳᠣᠬᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 10 ᠰᠠᠷ᠎ᠠ ᠶᠢᠨ 27 ᠤ ᠡᠳᠦᠷ ᠬᠤᠷᠠᠯᠳᠤᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ᠲᠦᠪ ᠤᠨ ᠮᠦᠡᠭᠭᠦᠨ ᠬᠦᠢᠯᠭᠡᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠪᠠᠶᠠᠷ ᠤᠨ ᠵᠠᠬᠢᠳᠠᠯ ᠪᠣᠯᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠂ ᠠᠵᠢᠯᠴᠢᠨ ᠤ ᠡᠪᠯᠡᠯ᠂ ᠡᠮᠡᠭᠲᠡᠶᠢᠴᠦᠳ ᠬᠡᠦᠬᠡᠳ᠂ ᠠᠷᠠᠳ ᠠᠴᠠ ᠡᠵᠡᠩᠨᠡᠭᠰᠡᠨ ᠠᠵᠤ ᠠᠬᠤᠢ᠂ ᠮᠥᠩᠭᠦᠨ ᠭᠦᠢᠯᠭᠡᠭᠡ᠂ ᠦᠨᠳᠦᠰᠦᠲᠡᠨ ᠤ ᠪᠦᠯᠬᠦᠮᠳᠡᠯ ᠵᠡᠷᠭᠡ ᠠᠵᠢᠯ ᠤᠳ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠵᠢᠯ ᠤᠨ ᠳᠦᠷᠢᠮ︾ ᠵᠡᠷᠭᠡ ᠪᠢᠴᠢᠭ ᠮᠠᠲ᠋ᠧᠷᠢᠶᠠᠯ ᠢ ᠰᠤᠳᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠶᠡᠷᠦᠩᠬᠡᠢ ᠵᠢᠷᠤᠭ ᠲᠥᠯᠥᠪᠯᠡᠭᠡ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ ᠶᠢ ᠴᠢᠩᠭᠠᠳᠬᠠᠨ᠂ ᠰᠢᠢᠳᠪᠦᠷᠢᠯᠡᠬᠦ ᠰᠡᠳᠭᠢᠬᠦᠢ ᠪᠠᠷ ᠲᠦᠭᠵᠢᠷᠡᠯ ᠢ ᠨᠡᠪᠲᠡᠷᠡᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦ ᠲᠠᠯ᠎ᠠ ᠪᠠᠷ ᠬᠠᠮᠵᠢᠯᠴᠠᠨ ᠥᠨᠳᠥᠷ ᠪᠦᠲᠦᠮᠵᠢ ᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ︽ᠰᠢᠨ᠎ᠡ ᠴᠠᠭ ᠦᠶ᠎ᠡ ᠶᠢᠨ ᠪᠦᠬᠦ ᠬᠤᠳᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾᠂ ︽ᠠᠶᠤᠯ ᠦᠬᠡᠢ ᠦᠢᠯᠡᠳᠪᠦᠷᠢᠯᠡᠯ ᠤᠨ ᠠᠵᠢᠯ ᠲᠦᠷᠦᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾᠂ ︽ᠨᠡᠩ ᠢᠳᠡᠪᠬᠢᠲᠡᠢ ᠨᠡᠭᠡᠭᠡᠯᠲᠡ ᠲᠠᠢ ᠪᠦᠲᠦᠮᠵᠢ ᠲᠠᠢ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠲᠡᠷᠢᠭᠦᠨ ᠤ ᠴᠢᠳᠠᠪᠤᠷᠢᠲᠠᠨ ᠤ ᠥᠨᠳᠦᠷᠯᠢᠭ ᠭᠠᠵᠠᠷ ᠢ ᠪᠠᠶᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠤᠰᠤᠳ ᠤᠴᠢᠷ ᠶᠠᠪᠤᠳᠠᠯ ᠤᠳ ᠢ ᠰᠤᠳᠤᠯᠪᠠ᠃  
ᠢᠷᠡᠯᠲᠡ᠄ ᠤᠷᠳᠤᠰ ᠤᠨ ᠡᠳᠤᠷ ᠤᠨ ᠰᠤᠨᠢᠨ