ᠸᠠᠩ ᠯᠢ ᠰᠢᠶᠠ ᠪᠦᠭᠦ ᠣᠷᠣᠨ ᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠵᠤ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠬᠡᠷᠡᠭᠲᠡᠢ
ᠨᠡᠶᠢᠲᠡᠯᠡᠭᠰᠡᠨ ᠴᠠᠭ᠄
2023/12/1
      11 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠣᠯᠣᠨ ᠪᠦᠭᠦ ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ 2027 ᠣᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠤᠯᠬᠤ ᠬᠠᠷᠠᠯᠲᠠ ᠶᠢᠨ ᠲᠣᠭᠤᠷᠢᠨ ᠳᠤ᠂ ︽1 + 7︾ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠰᠤᠳᠤᠯᠵᠤ᠂ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃      ᠸᠠᠩ ᠯᠢ ᠰᠢᠶᠠ᠂ ᠥᠪᠥᠷ ᠮᠣᠩᠭᠤᠯ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠨᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠤᠯᠪᠣᠭᠳᠠᠵᠤ᠂ ᠤᠯᠤᠰ ᠤᠨ ᠬᠥᠭᠵᠢᠯᠲᠡ ᠪᠣᠯᠣᠨ ᠠᠮᠤᠷ ᠲᠦᠪᠰᠢᠨ ᠤ ᠶᠡᠭᠡ ᠲᠠᠯ᠎ᠠ ᠳᠤ ᠬᠤᠯᠪᠣᠭᠳᠠᠨ᠎ᠠ᠃ ︽ᠶᠠᠭᠤᠨ ᠳᠤ ᠠᠳᠬᠤᠬᠤ ᠪᠤᠢ︾ ᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠱᠠᠲᠤᠴᠢ ᠴᠢᠨᠠᠷᠲᠠᠢ ᠣᠨᠴᠠᠯᠢᠭ ᠰᠢᠨᠵᠢ᠂ ᠲᠤᠯᠭᠠᠷᠠᠵᠤ ᠪᠠᠶᠢᠭ᠎ᠠ ᠣᠷᠴᠢᠨ ᠲᠣᠭᠤᠷᠢᠨ ᠤ ᠨᠥᠬᠦᠴᠡᠯ ᠤᠨ ᠬᠤᠪᠢᠷᠠᠯᠲᠠ ᠶᠢᠨ ᠲᠠᠯ᠎ᠠ ᠪᠠᠷ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠮᠠᠨ ᠤ ᠤᠯᠤᠰ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠶᠡᠭᠡ ᠪᠠᠶᠢᠭᠰᠠᠨ ᠠᠴᠠ ᠪᠠᠨ ᠬᠦᠴᠦᠷᠬᠡᠭ ᠪᠤᠯᠬᠤ ᠴᠢᠬᠤᠯᠠ ᠵᠠᠩᠭᠢᠯᠠᠭ᠎ᠠ ᠶᠢ ᠠᠳᠬᠤᠵᠤ᠂ ᠣᠨᠴᠠᠯᠢᠭᠲᠤ ᠳᠠᠪᠠᠭᠤᠯᠢᠭ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ︽ᠶᠠᠭᠤ ᠶᠢ ᠠᠳᠬᠤᠬᠤ ᠪᠤᠢ︾ ᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠵᠤ ᠦᠢᠯᠡᠰ ᠢ ᠦᠨᠳᠦᠰᠦᠯᠡᠵᠦ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠣᠨ ᠢᠶᠠᠷ ᠬᠠᠷᠠᠯᠲᠠ ᠡᠭᠦᠷᠭᠡ ᠪᠠᠨ ᠬᠤᠪᠢᠶᠠᠷᠢᠯᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢ ᠬᠥᠭᠵᠢᠭᠦᠯᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠵᠠᠭᠠᠶᠢᠷᠠᠭᠤᠯᠬᠤ᠂ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ᠂ ᠠᠵᠤ ᠦᠢᠯᠡᠰ ᠤᠨ ᠲᠤᠭᠠᠴᠢᠯᠠᠯᠳᠠ ᠪᠠᠷ ᠬᠦᠴᠦᠨ ᠴᠢᠳᠠᠯ ᠣᠯᠭᠤᠬᠤ ᠶᠢ ᠠᠬᠢᠭᠤᠯᠬᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠭ᠎ᠠ ᠬᠡᠮᠵᠢᠶ᠎ᠡ ᠪᠠᠨ ᠥᠷᠭᠡᠳᠬᠡᠵᠦ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠢᠯᠠᠩᠭᠤᠶ᠎ᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠨᠢᠭᠡ ᠤᠳᠠᠭᠠᠨ ᠤ ᠲᠦᠢᠯᠪᠤᠷᠢᠲᠠᠢ ᠪᠠᠶᠢᠴᠠᠭᠠᠯᠲᠠ ᠬᠢᠵᠦ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠨᠢ ᠤᠳᠠᠭᠠᠨ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠭᠦᠨ ᠢ ᠰᠦᠪᠡᠭᠴᠢᠯᠡᠨ ᠪᠣᠬᠢᠷᠳᠤᠯ ᠦᠭᠡᠢ ᠴᠠᠭᠢᠯᠭᠠᠨ ᠢ ᠬᠡᠷᠡᠭᠯᠡᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠬᠦᠷᠢᠶ᠎ᠡ ᠴᠠᠷᠠᠭ᠎ᠠ ᠳᠤ ᠪᠠᠰᠠ ᠨᠢᠭᠡᠨ ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠲᠦᠷᠭᠡᠳᠬᠡᠨ ᠪᠠᠶᠢᠭᠤᠯᠬᠤ ᠬᠡᠷᠡᠭᠲᠡᠢ᠃ ︽ᠶᠠᠭᠠᠬᠢᠵᠤ ᠠᠳᠬᠤᠬᠤ ᠪᠤᠢ︾ ᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠦᠭᠦ ᠣᠷᠣᠨ ᠢᠶᠠᠷ ᠢᠶᠠᠨ ᠬᠥᠯᠭᠡ ᠰᠢᠲᠠᠷ᠎ᠠ ᠪᠠᠶᠢᠬᠤ ᠶᠢ ᠪᠠᠷᠢᠮᠲᠠᠯᠠᠵᠤ᠂ ᠤᠰᠤ᠂ ᠭᠠᠵᠠᠷ ᠰᠢᠷᠣᠢ᠂ ᠨᠡᠭᠦᠷᠡᠰᠦ᠂ ᠴᠠᠭᠢᠯᠭᠠᠨ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠠᠵᠤ ᠠᠬᠤᠢ ᠶᠢ ᠣᠶᠢᠯᠠᠭᠠᠬᠤ᠂ ᠵᠠᠬ᠎ᠠ ᠳᠡᠯᠭᠡᠭᠦᠷ ᠢ ᠣᠶᠢᠯᠠᠭᠠᠬᠤ᠂ ᠡᠵᠡᠩᠨᠡᠬᠦ ᠳᠡᠭᠡᠨ ᠴᠢᠳᠠᠮᠠᠭᠠᠢ᠂ ᠦᠢᠯᠡᠴᠢᠯᠡᠬᠦ ᠳᠡᠭᠡᠨ ᠴᠢᠳᠠᠮᠠᠭᠠᠢ ᠨᠡᠩ ᠤᠯᠠᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠬᠤ ᠬᠡᠷᠡᠭᠲᠡᠢ᠃ ᠠᠵᠤ ᠠᠬᠤᠶᠢᠯᠠᠯᠲᠠᠨ ᠪᠣᠯ ᠬᠠᠮᠤᠭ ᠤᠨ ᠡᠷᠬᠢᠮ ᠨᠠᠨᠳᠢᠨ ᠥᠪ ᠬᠥᠷᠥᠩᠭᠡ ᠮᠥᠨ᠂ ᠲᠡᠳᠡᠨ ᠤ ᠠᠵᠤ ᠦᠢᠯᠡᠰ ᠢᠶᠠᠨ ᠪᠠᠲᠤ ᠰᠠᠬᠢᠵᠤ᠂ ᠠᠵᠤ ᠠᠬᠤᠶᠢᠯᠠᠯ ᠢᠶᠠᠨ ᠰᠠᠶᠢᠲᠤᠷ ᠡᠷᠭᠢᠯᠡᠵᠦ᠂ ᠬᠠᠮᠲᠤᠷᠠᠯ ᠬᠦᠴᠦᠨ ᠢᠶᠠᠨ ᠨᠢᠭᠲᠠᠷᠠᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃        ᠪᠠᠢ ᠴᠢᠩ ᠶᠤᠸᠠᠨ ᠬᠤᠷᠠᠯ ᠢ ᠡᠷᠭᠢᠯᠡᠵᠦ᠂ ᠶᠠᠩ ᠵᠢᠶᠧ᠂ ᠰᠦᠨ ᠵᠢᠶᠦ᠋ᠨ ᠴᠢᠩ ᠣᠷᠣᠯᠴᠠᠵᠠᠢ᠃      
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ