ᠯᠢ ᠫᠧᠩ
ᠨᠡᠶᠢᠲᠡᠯᠡᠭᠰᠡᠨ ᠴᠠᠭ᠄
2023/12/11
        李鹏.jpg
               ᠯᠢ ᠫᠧᠩ : ᠳᠠᠯᠠᠳ ᠬᠤᠰᠢᠭᠤᠨ ᠤ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ        ᠲᠣᠪᠴᠢ ᠨᠠᠮᠲᠠᠷ        ᠡᠷᠡᠭᠲᠡᠶ᠂ ᠬᠢᠲᠠᠳ ᠦᠨᠳᠦᠰᠦᠲᠡᠨ᠂ 1979 ᠣᠨ ᠤ 3 ᠰᠠᠷ᠎ᠠ ᠳᠤ ᠲᠦᠷᠦᠵᠠᠢ᠂ 2000 ᠣᠨ ᠤ 9 ᠰᠠᠷ᠎ᠠ ᠳᠤ ᠠᠵᠢᠯ ᠳᠤ ᠣᠷᠣᠵᠤ᠂ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃        ᠠᠵᠢᠯ ᠤᠨ ᠬᠤᠪᠢᠶᠠᠷᠢᠯᠠᠯ        ᠬᠤᠰᠢᠭᠤ ᠳᠠᠷᠤᠭ᠎ᠠ ᠶᠢ ᠬᠠᠪᠰᠤᠷᠤᠨ ᠵᠡᠭᠡᠯᠢ ᠭᠤᠳᠤᠮᠵᠢ᠂ ᠬᠤᠲᠠ ᠶᠢᠨ ᠲᠣᠭᠤᠷᠢᠭ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠬᠡᠷ ᠬᠥᠷᠥᠩᠭᠡ ᠶᠢᠨ ᠬᠠᠮᠢᠶᠠᠷᠤᠯᠲᠠ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ︔ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠠᠩ ᠵᠧᠨ ᠹᠸᠢ ᠨᠥᠬᠦᠷ ᠢ ᠬᠠᠪᠰᠤᠷᠤᠨ ᠠᠮᠢ ᠠᠬᠤᠶ ᠣᠷᠴᠢᠨ ᠲᠣᠭᠤᠷᠢᠨ ᠤ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠭᠤᠤᠯᠳᠠᠭᠤ ᠬᠤᠲᠠ ᠶᠢᠨ ᠭᠤᠤᠯ ᠲᠣᠭᠤᠷᠢᠭ ᠤᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠵᠢᠴᠢ ᠡᠯ᠎ᠡ ᠲᠥᠷᠥᠯ ᠤᠨ ᠢᠵᠢ ᠪᠥᠷᠢᠳᠦᠭᠦᠯᠬᠦ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ ᠠᠵᠢᠯ᠂ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠪᠠ ᠲᠠᠷᠢᠶᠠᠴᠢᠳ ᠤᠨ ᠬᠡᠷ ᠪᠠᠶᠢᠰᠢᠩ ᠪᠠᠷᠢᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ᠂ ᠲᠠᠲᠠᠪᠤᠷᠢᠯᠠᠬᠤ ᠪᠠ ᠬᠤᠳᠠᠯᠳᠤᠨ ᠠᠪᠴᠤ ᠨᠥᠭᠡᠴᠡᠯᠡᠬᠦ᠂ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠡᠷᠬᠡ ᠶᠢᠨ ᠬᠠᠷᠢᠶ᠎ᠠ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠶᠢ ᠬᠤᠪᠢᠳᠠᠨ ᠬᠠᠮᠢᠶᠠᠷᠴᠤ᠂ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠭᠠᠵᠠᠷ ᠰᠢᠷᠣᠶ ᠶᠢ ᠵᠤᠷᠰᠢᠯ ᠢᠶᠠᠷ ᠱᠠᠭᠠᠷᠳᠠᠨ ᠪᠠᠶᠢᠴᠠᠭᠠᠬᠤ᠂ ᠭᠠᠵᠠᠷ ᠰᠢᠷᠣᠶ ᠶᠢᠨ ᠳᠠᠭᠠᠭᠤᠯᠢ ᠣᠳᠣᠨ ᠤ ᠹᠢᠯᠢᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠷᠢᠭᠤᠴᠠᠨ᠎ᠠ︶᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ᠂ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ᠂ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠬᠠᠷᠢᠭᠤᠴᠠᠨ᠎ᠠ᠃ ᠲᠥᠯᠥᠪᠵᠢᠭᠦᠯᠭᠡ ᠶᠢᠨ ᠬᠠᠮᠢᠶᠠᠷᠤᠯᠲᠠ᠂ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠵᠡᠷᠭᠡ ᠲᠠᠯ᠎ᠠ ᠶᠢᠨ ᠠᠵᠢᠯ ᠢ ᠲᠤᠯᠤᠭᠠᠶᠢᠯᠠᠨ ᠬᠠᠷᠢᠭᠤᠴᠠᠨ᠎ᠠ᠃ ᠣᠷᠳᠣᠰ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠲᠠᠢ ᠬᠠᠷᠢᠯᠴᠠᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ