ᠵᠠᠩ ᠳ᠋ᠦᠩ ᠯᠢᠶᠠᠩ
ᠨᠡᠶᠢᠲᠡᠯᠡᠭᠰᠡᠨ ᠴᠠᠭ᠄
2023/12/12
         张栋梁.jpg
                ᠵᠠᠩ ᠳ᠋ᠦᠩ ᠯᠢᠶᠠᠩ : ᠳᠠᠯᠠᠳ ᠬᠤᠰᠢᠭᠤᠨ ᠤ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ         ᠳᠦᠭᠦᠮ ᠨᠠᠮᠳᠠᠷ         ᠡᠷᠡᠭᠲᠡᠢ᠂ ᠬᠢᠲᠠᠳ ᠦᠨᠳᠦᠰᠦᠲᠡᠨ᠂ 1979 ᠣᠨ ᠤ 12 ᠰᠠᠷ᠎ᠠ ᠳᠤ ᠲᠦᠷᠦᠵᠠᠢ᠂ 1999 ᠣᠨ ᠤ 8 ᠰᠠᠷ᠎ᠠ ᠳᠤ ᠠᠵᠢᠯ ᠳᠤ ᠣᠷᠣᠵᠤ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠡᠳᠦᠭᠡ ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃         ᠠᠵᠢᠯ ᠤᠨ ᠬᠤᠪᠢᠶᠠᠷᠢ          ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠲᠠᠯ᠎ᠠ ᠪᠠᠷ︶᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠲᠥᠪ᠂ ᠭᠤᠸᠠᠩ ᠬᠤᠢ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠮᠧᠩ ᠾᠧ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠵᠢᠢ ᠽᠢ ᠸᠠᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠣᠷᠳᠣᠰ ᠬᠤᠲᠠ ᠶᠢᠨ ᠣᠶᠢᠵᠢᠭᠤᠯᠬᠤ ᠶᠡᠷᠦᠩᠬᠡᠶ ᠲᠠᠯᠠᠪᠠᠶ᠂ ᠴᠠᠭ ᠠᠭᠤᠷ ᠤᠨ ᠲᠣᠪᠴᠢᠶ᠎ᠠ ᠲᠠᠢ ᠬᠠᠷᠢᠯᠴᠠᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ