ᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ
ᠨᠡᠶᠢᠲᠡᠯᠡᠭᠰᠡᠨ ᠴᠠᠭ᠄
2023/12/13
     ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠦᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ︹2018︺ 43 ᠳ᠋ᠤᠭᠠᠷ ᠲᠣᠭᠠᠲᠤ︶᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 31 ᠳ᠋ᠦ᠋ᠭᠡᠷ ᠲᠣᠭᠠᠲᠤ ︶ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠤ ᠰᠦᠨ ᠤ ᠦᠢᠯᠡᠰ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠥᠨᠳᠥᠷ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠴᠠᠭ᠎ᠠ ᠨᠢᠭᠲᠠ ᠪᠤᠰᠤ᠂ ᠦᠢᠯᠡᠳᠬᠦᠨ ᠤ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠥᠨᠳᠥᠷ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠦᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠭᠡᠭᠰᠢᠯᠡᠭᠦᠯᠬᠦ ᠶᠢ ᠲᠦᠷᠭᠡᠳᠬᠡᠨ᠂ ︽ᠨᠢᠭᠡ ᠰᠠᠭᠤᠷᠢ ᠡᠪᠡᠰᠦ ᠠᠴᠠ ᠨᠢᠭᠡ ᠴᠣᠮᠣ ᠰᠦ ᠬᠦᠷᠲᠡᠯ᠎ᠡ︾ ᠪᠥᠬᠦ ᠠᠵᠤ ᠦᠢᠯᠡᠰ ᠤᠨ ᠬᠡᠯᠬᠢᠶᠡᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠤᠯᠭᠠᠬᠤ ᠶᠢᠨ ᠲᠦᠯᠦᠭᠡ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ ᠃       ︽ᠡᠪᠡᠰᠦᠨ ᠤ ᠢᠷᠡᠯᠲᠡ︾ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ       ᠠᠷᠠᠴᠢᠯᠠᠨ ᠲᠡᠵᠢᠭᠡᠬᠦ ᠥᠪᠡᠷ ᠤᠨ ᠥᠷᠳᠡᠭ ᠢ ᠪᠠᠭᠤᠷᠠᠭᠤᠯᠬᠤ       1. ᠳᠠᠷᠤᠰᠢᠭᠤᠯᠬᠤ ᠡᠷᠳᠡᠨᠢ ᠰᠢᠰᠢ ᠵᠡᠷᠭᠡ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠲᠤ ᠨᠢ ᠣᠶᠢᠷᠠᠯᠴᠠᠭ᠎ᠠ ᠭᠠᠵᠠᠷ ᠲᠤ ᠨᠢ ᠬᠤᠷᠢᠶᠠᠨ ᠬᠠᠳᠠᠭᠠᠯᠠᠵᠤ ᠪᠠᠶᠢᠭ᠎ᠠ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠳᠤ ᠰᠠᠭᠠᠯᠢ ᠶᠢᠨ ᠦᠨᠢᠶ᠎ᠡ ᠨᠢᠭᠡᠪᠦᠷᠢ 5.5 ᠲᠣᠨ᠂ ᠲᠣᠨ ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠨᠤᠭᠤᠭᠠᠨ ᠳᠠᠷᠤᠰᠢ ᠶᠢᠨ ᠡᠷᠳᠡᠨᠢ ᠰᠢᠰᠢ ᠶᠢ ᠬᠤᠷᠢᠶᠠᠨ ᠨᠥᠭᠡᠴᠡᠯᠡᠬᠦ ᠨᠥᠬᠦᠪᠦᠷᠢ ᠦᠭᠭᠦᠨ᠎ᠡ ᠃ ᠳᠠᠷᠤᠰᠢᠭᠤᠯᠤᠭᠰᠠᠨ ᠴᠠᠷᠭᠠᠰᠤ᠂ ᠬᠠᠭᠤᠷᠠᠢ ᠡᠪᠡᠰᠦ ᠶᠢ ᠬᠠᠷᠢᠴᠠᠯ ᠢᠶᠠᠷ ᠨᠤᠭᠤᠯᠤᠨ ᠪᠤᠳᠤᠨ᠎ᠠ᠃ ᠰᠠᠭᠠᠯᠢ ᠶᠢᠨ ᠢᠮᠠᠭ᠎ᠠ ᠂ ᠰᠠᠭᠠᠯᠢ ᠶᠢᠨ ᠢᠩᠭᠡ ᠂ ᠰᠠᠭᠠᠯᠢ ᠶᠢᠨ ᠭᠡᠭᠦᠤ ᠶᠢ ᠬᠠᠷᠢᠴᠠᠯ ᠢᠶᠠᠷ ᠨᠤᠭᠤᠯᠤᠨ ᠪᠣᠳᠣᠨ᠎ᠠ ᠃      2. ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢ ᠪᠥᠭᠡᠳ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠯᠤᠭ᠎ᠠ ᠲᠡᠵᠢᠭᠡᠯ ᠡᠪᠡᠰᠦ ᠬᠤᠳᠠᠯᠳᠤᠨ ᠠᠪᠴᠤ ᠪᠣᠷᠣᠯᠠᠭᠤᠯᠬᠤ ᠭᠡᠷ᠎ᠡ ᠲᠣᠭᠲᠠᠭᠰᠠᠨ ᠴᠠᠷᠭᠠᠰᠤ ᠶᠢᠨ ᠳᠠᠷᠢᠬᠤ ᠭᠤᠣᠯ ᠴᠣᠭᠴᠠ ᠳᠤ᠂ ᠭᠤᠷᠪᠠᠨ ᠵᠢᠯ ᠬᠤᠪᠢᠶᠠᠨ ᠮᠦ ᠪᠦᠷᠢ ᠳᠤ 1000 ᠲᠥᠭᠦᠷᠢᠭ ᠤᠨ ᠨᠥᠬᠦᠪᠦᠷᠢ ᠦᠭᠭᠦᠨ᠎ᠡ ᠃     3. ᠰᠢᠨ᠎ᠡ ᠪᠠᠷ ᠪᠠᠶᠢᠭᠤᠯᠤᠭᠰᠠᠨ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠨᠢᠭᠡᠳᠦᠭᠡᠷ ᠵᠢᠯ ᠳᠤ ᠮᠦ ᠪᠦᠷᠢ ᠳᠤ 500 ᠲᠥᠭᠦᠷᠢᠭ ᠤᠨ ᠨᠥᠬᠦᠪᠦᠷᠢ ᠤᠯᠭᠤᠵᠤ ᠲᠦᠯᠯᠡᠭᠰᠡᠨ ᠤ ᠳᠠᠷᠠᠭ᠎ᠠ ᠵᠢᠯ ᠪᠦᠷᠢ ᠮᠦ ᠪᠦᠷᠢ ᠳᠤ 300 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠦᠭᠭᠦᠨ᠎ᠡ ᠃ ︽ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠵᠢᠴᠢ ᠠᠵᠤ ᠦᠢᠯᠡᠰ ᠤᠨ ᠵᠢᠱᠢᠶ᠎ᠡ ᠦᠵᠡᠭᠦᠯᠬᠦ︾ ᠪᠠᠷ ᠮᠠᠩᠯᠠᠶᠢᠯᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠴᠠᠷᠭᠠᠰᠤ ᠶᠢᠨ ᠰᠢᠨ᠎ᠡ ᠡᠭᠦᠯᠳᠡᠷ ᠢ ᠪᠤᠶᠢᠵᠢᠭᠤᠯᠤᠨ᠂ ᠤᠯᠤᠰ ᠲᠠᠭᠠᠨ ᠦᠢᠯᠡᠳᠪᠦᠷᠢᠯᠡᠭᠰᠡᠨ ᠴᠠᠷᠭᠠᠰᠤ ᠶᠢᠨ ᠮᠠᠭᠤᠳᠠᠭᠰᠠᠨ ᠡᠭᠦᠯᠳᠡᠷ ᠢ ᠴᠡᠪᠡᠷᠰᠢᠭᠦᠯᠦᠨ ᠰᠠᠶᠢᠵᠢᠷᠠᠭᠤᠯᠤᠨ᠎ᠠ᠃      ︽ ᠦᠷ᠎ᠡ ᠶᠢᠨ ᠢᠷᠡᠯᠲᠡ ︾ ᠶᠢᠨ ᠥᠪᠡᠷ ᠢ ᠪᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ ᠰᠠᠭᠠᠯᠢ ᠶᠢᠨ ᠮᠠᠯ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠴᠢᠩᠭᠠᠳᠬᠠᠨ᠎ᠠ      4. ᠳᠡᠭᠡᠳᠦ ᠲᠠᠰ ᠤᠨ ᠡᠭᠦᠯᠳᠡᠷ ᠤᠨ ᠪᠤᠬ᠎ᠠ ᠪᠤᠶᠢᠵᠢᠭᠤᠯᠬᠤ ᠶᠢ ᠳᠡᠮᠵᠢᠵᠦ᠂ ᠡᠭᠦᠯᠳᠡᠷ ᠪᠤᠶᠢᠵᠢᠭᠤᠯᠬᠤ ᠴᠢᠳᠠᠪᠤᠷᠢ ᠶᠢᠨ ᠦᠨᠡᠯᠡᠯᠲᠡ ᠶᠢᠨ ᠦᠷ᠎ᠡ ᠳ᠋ᠦᠩ ᠨᠢ ᠰᠠᠶᠢᠨ ᠳᠡᠰ ᠠᠴᠠ ᠳᠡᠭᠡᠭᠰᠢ ᠪᠣᠯᠤᠭᠰᠠᠨ ᠰᠠᠭᠠᠯᠢ ᠶᠢᠨ ᠦᠨᠢᠶ᠎ᠡ ᠶᠢᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ ᠰᠠᠭᠤᠷᠢ ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠡᠭᠦᠨ ᠤ ᠰᠠᠭᠤᠷᠢᠨ ᠳᠡᠭᠡᠷ᠎ᠡ᠂ ᠵᠢᠯ ᠪᠦᠷᠢ ᠶᠢᠨ ᠨᠡᠷᠡᠰ ᠤᠨ ᠦᠷ᠎ᠡ ᠳ᠋ᠦᠩ ᠢ ᠦᠨᠳᠦᠰᠦᠯᠡᠨ᠂ ᠨᠡᠷᠡᠰ ᠤᠨ ᠵᠢᠭᠰᠠᠭᠠᠯᠲᠠ ᠨᠢ ᠳᠡᠯᠡᠬᠡᠢ ᠶᠢᠨ ᠡᠮᠦᠨ᠎ᠡ 200 ᠨᠡᠷᠡᠰ ᠪᠤᠶᠤ ᠤᠯᠤᠰ ᠤᠨ ᠳᠣᠲᠣᠭᠠᠳᠤ ᠶᠢᠨ ᠡᠮᠦᠨ᠎ᠡ 50 ᠨᠡᠷᠡᠰ ᠲᠤ ᠤᠷᠤᠭᠰᠠᠨ ᠾᠧᠰᠲ᠋ᠠᠨ ᠰᠠᠭᠠᠯᠢ ᠶᠢᠨ ᠦᠨᠢᠶ᠎ᠡ ᠶᠢ ᠪᠤᠶᠢᠵᠢᠭᠤᠯᠤᠭᠰᠠᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 100 ᠲᠦᠮᠡᠨ ᠲᠥᠭᠦᠷᠢᠭ ᠢᠶᠠᠷ ᠱᠠᠩᠨᠠᠵᠤ᠂ 50 ︵ᠪᠠᠭᠲᠠᠬᠤ ᠦᠭᠡᠢ︶ ᠠᠴᠠ 100 ᠨᠡᠷᠡᠰ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ︔ ᠨᠡᠷᠡᠰ ᠤᠨ ᠵᠢᠭᠰᠠᠭᠠᠯᠲᠠ ᠪᠠᠷ ᠤᠯᠤᠰ ᠤᠨ ᠳᠣᠲᠣᠭᠠᠳᠤ ᠶᠢᠨ ᠡᠮᠦᠨ᠎ᠡ 100 ᠨᠡᠷᠡᠰ ᠲᠤ ᠤᠷᠤᠭᠰᠠᠨ ᠰᠢᠮᠧᠨ᠋ᠲ᠋ᠠᠷ ᠦᠬᠡᠷ ᠢ ᠪᠤᠶᠢᠵᠢᠭᠤᠯᠤᠭᠰᠠᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 50 ᠲᠦᠮᠡᠨ ᠲᠥᠭᠦᠷᠢᠭ ᠱᠠᠩᠨᠠᠨ᠎ᠠ︔ ᠨᠡᠷᠡᠰ ᠤᠨ ᠵᠢᠭᠰᠠᠭᠠᠯᠲᠠ ᠪᠠᠷ ᠤᠯᠤᠰ ᠤᠨ ᠳᠣᠲᠣᠭᠠᠳᠤ ᠶᠢᠨ ᠡᠮᠦᠨ᠎ᠡ 5 ᠨᠡᠷᠡᠰ ᠲᠤ ᠣᠷᠣᠭᠰᠠᠨ ᠰᠠᠨ ᠾᠧ ᠦᠬᠡᠷ ᠤᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ᠃      5. ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠤᠣᠯ ᠡᠭᠦᠯᠳᠡᠷ ᠪᠤᠶᠢᠵᠢᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠭᠤᠣᠯ ᠡᠭᠦᠯᠳᠡᠷ ᠪᠤᠶᠢᠵᠢᠭᠤᠯᠬᠤ ᠲᠠᠯᠠᠪᠠᠶ ᠶᠢ ᠨᠢᠭᠡ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡ ᠤᠳᠠᠭ᠎ᠠ ᠳᠤ 200 ᠲᠦᠮᠡᠨ ᠲᠥᠭᠦᠷᠢᠭ ᠢᠶᠠᠷ ᠱᠠᠩᠨᠠᠨ᠎ᠠ᠃     6. ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠰᠠᠭᠠᠯᠢ ᠶᠢᠨ ᠦᠨᠢᠶ᠎ᠡ ᠶᠢᠨ ᠪᠡᠯᠭᠡ ᠶᠢᠨ ᠡᠷᠬᠡᠰᠢᠶᠡᠯᠲᠦ ᠬᠦᠪᠦᠷᠡᠯ ᠢ ᠬᠡᠷᠡᠭᠯᠡᠨ᠂ ᠴᠢᠳᠠᠮᠵᠢ ᠶᠢᠨ ᠵᠢᠭᠠᠯᠲᠠ ᠲᠤᠭ᠎ᠠ ᠶᠢ ᠦᠨᠳᠦᠰᠦᠯᠡᠨ᠂ ᠰᠢᠷᠬᠡᠭ ᠪᠦᠷᠢ ᠳᠤ 1500 ᠲᠥᠭᠦᠷᠢᠭ᠂ 2500 ᠲᠥᠭᠦᠷᠢᠭ᠂ 3500 ᠲᠥᠭᠦᠷᠢᠭ ᠢᠶᠠᠷ ᠲᠠᠰ ᠬᠤᠪᠢᠶᠠᠨ ᠨᠥᠬᠦᠪᠦᠷᠢ ᠦᠭᠭᠦᠨ᠎ᠡ ︔ ᠰᠠᠭᠠᠯᠢ ᠶᠢᠨ ᠦᠨᠢᠶ᠎ᠡ ᠶᠢᠨ ᠢᠴᠡᠭᠡᠯ ᠬᠢᠵᠠᠭᠠᠷᠯᠠᠬᠤ ᠦᠷ᠎ᠡ ᠶᠢ ᠬᠡᠷᠡᠭᠯᠡᠬᠦ ᠳᠤ ᠲᠣᠯᠣᠭᠠᠢ ᠪᠦᠷᠢ ᠳᠤ 120 ᠲᠥᠭᠦᠷᠢᠭ ᠤᠨ ᠨᠥᠬᠦᠪᠦᠷᠢ ᠦᠭᠭᠦᠨ᠎ᠡ ︔ ᠰᠠᠭᠠᠯᠢ ᠶᠢᠨ ᠢᠮᠠᠭᠠᠨ ᠤ ᠢᠴᠡᠭᠡᠯ ᠦᠷ᠎ᠡ ᠶᠢ ᠬᠡᠷᠡᠭᠯᠡᠬᠦ ᠳᠤ ᠰᠢᠷᠬᠡᠭ ᠪᠦᠷᠢ ᠳᠤ 60 ᠲᠥᠭᠦᠷᠢᠭ ᠤᠨ ᠨᠥᠬᠦᠪᠦᠷᠢ ᠦᠭᠭᠦᠨ᠎ᠡ ᠃     7. ᠰᠠᠭᠠᠯᠢ ᠶᠢᠨ ᠦᠨᠢᠶ᠎ᠡ ᠶᠢᠨ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠤᠭ᠎ᠠ ᠬᠡᠮᠵᠢᠶ᠎ᠡ ᠶᠢ ᠥᠷᠭᠡᠳᠬᠡᠵᠦ᠂ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠠᠴᠠ ᠨᠢᠭᠡ ᠰᠠᠭᠠᠯᠢ ᠶᠢᠨ ᠦᠨᠢᠶ᠎ᠡ ᠶᠢ ᠬᠡᠮᠵᠢᠨ ᠲᠣᠭᠲᠠᠭᠠᠬᠤ ᠪᠦᠷᠢ ᠳᠤ ᠬᠦᠴᠦᠨ ᠪᠦᠬᠦᠢ ᠲᠤᠭ᠎ᠠ ᠪᠠᠷᠢᠮᠲᠠ ᠶᠢᠨ ᠨᠥᠬᠦᠪᠦᠷᠢ ᠶᠢ 70 ᠲᠥᠭᠦᠷᠢᠭ ᠳᠠᠮᠵᠢᠭᠤᠯᠵᠤ᠂ ᠳᠡᠭᠡᠷ᠎ᠡ ᠨᠢᠭᠡ ᠵᠢᠯ ᠤᠨ ᠰᠢᠨ᠎ᠡ ᠪᠠᠷ ᠨᠡᠮᠡᠭᠳᠡᠭᠰᠡᠨ ᠬᠡᠮᠵᠢᠨ ᠲᠣᠭᠲᠠᠭᠠᠬᠤ ᠬᠦᠴᠦᠨ ᠪᠦᠬᠦᠢ ᠲᠤᠭ᠎ᠠ ᠪᠠᠷᠢᠮᠲᠠ ᠲᠠᠢ ᠬᠠᠷᠢᠴᠠᠭᠤᠯᠪᠠᠯ 3 ᠲᠦᠮᠡᠨ ᠲᠣᠯᠣᠭᠠᠢ ᠶᠢ ᠳᠠᠪᠠᠭᠰᠠᠨ ᠪᠠᠶᠢᠪᠠᠯ᠂ ᠨᠢᠭᠡ ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠵᠤ᠂ ᠪᠠᠶᠢᠴᠠᠭᠠᠨ ᠰᠢᠯᠭᠠᠬᠤ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠨ᠎ᠡ᠃     ︽ ᠰᠦᠨ ᠤ ᠢᠷᠡᠯᠲᠡ︾ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠪᠠᠬᠢᠵᠢᠭᠦᠯᠵᠦ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ     8. ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ 2019 ᠣᠨ ᠠᠴᠠ ᠰᠡᠭᠦᠯᠡᠭᠡᠷ ᠂ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠨᠢᠭᠡᠨᠲᠡ ᠪᠠᠶᠢᠭᠤᠯᠵᠤ ᠪᠠᠶᠢᠭ᠎ᠠ ᠲᠥᠷᠥᠯ ᠵᠦᠢᠯ ᠪᠠ ᠨᠢᠭᠡᠨᠲᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠯᠡᠯᠴᠡᠭᠡᠷ ᠲᠣᠭᠲᠠᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ᠂ ᠰᠠᠭᠠᠯᠢ ᠶᠢᠨ ᠦᠨᠢᠶ᠎ᠡ 3000 ᠲᠣᠯᠣᠭᠠᠢ ᠳᠤ 600 ᠲᠦᠮᠡᠨ ᠲᠥᠭᠦᠷᠢᠭ ᠤᠨ ᠨᠥᠬᠦᠪᠦᠷᠢ ᠥᠭᠴᠦ᠂ 500 ᠲᠣᠯᠣᠭᠠᠢ ᠨᠡᠮᠡᠭᠳᠡᠬᠦ ᠪᠦᠷᠢ ᠳᠠᠬᠢᠭᠠᠳ 100 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠨᠥᠬᠦᠪᠦᠷᠢ ᠶᠢᠨ ᠪᠡᠯᠡ ᠮᠥᠩᠭᠦ ᠶᠢ ᠭᠤᠣᠯᠳᠠᠭᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ ᠪᠠ ︽ᠲᠣᠭᠠᠨ ᠤ ᠤᠶᠤᠨᠵᠢᠭᠤᠯᠬᠤ︾ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠳᠤ ᠬᠡᠷᠡᠭᠯᠡᠨ᠎ᠡ᠃ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢᠨ ᠲᠣᠯᠣᠭᠠᠢ ᠪᠦᠷᠢ ᠳᠤ 5000 ᠲᠥᠭᠦᠷᠢᠭ ᠨᠥᠬᠦᠪᠦᠷᠢᠯᠡᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3000 ᠲᠥᠭᠦᠷᠢᠭ ᠨᠥᠬᠦᠪᠦᠷᠢᠯᠡᠵᠦ᠂ ᠠᠶᠢᠮᠠᠭ ᠬᠤᠲᠠ ᠶᠢᠨ ᠡᠳ᠋ ᠤᠨ ᠵᠠᠰᠠᠭ ᠠᠴᠠ 2000 ᠲᠥᠭᠦᠷᠢᠭ ᠨᠥᠬᠦᠪᠦᠷᠢᠯᠡᠨ᠎ᠡ᠃ ᠪᠤᠰᠤᠳ ᠦᠷᠭᠦᠯᠵᠢᠯᠡᠨ ᠰᠢᠨ᠎ᠡ ᠪᠠᠷ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠳᠤ ᠠᠶᠢᠮᠠᠭ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠤᠨ ︽ᠨᠢᠭᠡ ᠲᠠᠯ᠎ᠠ ᠶᠢᠨ ᠨᠢᠭᠡ ᠪᠣᠳᠣᠯᠭ᠎ᠠ︾ ᠶᠢ ᠦᠨᠳᠦᠰᠦᠯᠡᠨ ᠳᠡᠮᠵᠢᠯᠭᠡ ᠦᠵᠡᠭᠦᠯᠦᠨ᠎ᠡ᠃      9. ᠾᠧᠰᠲ᠋ᠠᠨ ᠵᠡᠷᠭᠡ ᠰᠦ ᠰᠢᠭᠦᠷᠡᠭᠦᠯᠬᠦ ᠲᠤᠰᠬᠠᠢ ᠬᠡᠷᠡᠭᠯᠡᠭᠡᠨ ᠤ ᠰᠠᠭᠠᠯᠢ ᠶᠢᠨ ᠦᠨᠢᠶ᠎ᠡ ᠶᠢ ᠲᠡᠵᠢᠭᠡᠨ ᠦᠷᠡᠵᠢᠭᠦᠯᠬᠦ ᠳᠤ᠂ 100 — 3000 ᠲᠣᠯᠣᠭᠠᠢ ᠲᠡᠵᠢᠭᠡᠵᠦ ᠪᠠᠶᠢᠭ᠎ᠠ ᠲᠡᠵᠢᠭᠡᠨ ᠦᠷᠡᠵᠢᠭᠦᠯᠬᠦ ᠭᠤᠣᠯ ᠴᠣᠭᠴᠠ ᠳᠤ᠂ ᠲᠣᠯᠣᠭᠠᠢ ᠪᠦᠷᠢ ᠳᠤ 400 ᠲᠥᠭᠦᠷᠢᠭ ᠠᠴᠠ ᠥᠯᠥ ᠬᠡᠲᠦᠷᠡᠬᠦ ᠪᠠᠷᠢᠮᠵᠢᠶ᠎ᠠ ᠪᠠᠷ ᠨᠥᠬᠦᠪᠦᠷᠢ ᠥᠭᠴᠦ᠂ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠲᠡᠵᠢᠭᠡᠨ ᠦᠷᠡᠵᠢᠭᠦᠯᠬᠦ ᠪᠡᠯᠡᠳᠬᠡᠮᠵᠢ ᠲᠣᠨᠤᠭ ᠲᠥᠬᠦᠭᠡᠷᠦᠮᠵᠢ ᠶᠢ ᠥᠭᠡᠷᠡᠴᠢᠯᠡᠨ ᠲᠠᠰ ᠳᠡᠪᠰᠢᠭᠦᠯᠵᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠬᠤ ᠳᠤ ᠬᠡᠷᠡᠭᠯᠡᠨ᠎ᠡ᠃ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠤᠨ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ᠂ ᠦᠷ᠎ᠡ ᠰᠣᠩᠭᠤᠨ ᠬᠡᠭᠡᠯᠲᠦᠭᠦᠯᠬᠦ᠂ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠡᠵᠢᠭᠡᠨ ᠠᠷᠠᠴᠢᠯᠠᠵᠤ ᠬᠠᠮᠢᠶᠠᠷᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠣᠷᠴᠢᠨ ᠲᠣᠭᠤᠷᠢᠨ ᠢ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠳᠡᠮᠵᠢᠨ᠎ᠡ᠃      10᠂ ᠣᠨᠴᠠᠯᠢᠭᠲᠤ ᠰᠠᠭᠠᠯᠢ ᠶᠢᠨ ᠮᠠᠯ ᠢ ᠲᠡᠵᠢᠭᠡᠨ ᠦᠷᠡᠵᠢᠭᠦᠯᠬᠦ ᠶᠢ ᠳᠡᠮᠵᠢᠨ ᠬᠥᠭᠵᠢᠭᠦᠯᠵᠦ᠂ 2022 ᠣᠨ ︵ᠪᠠᠭᠲᠠᠨ᠎ᠠ︶ ᠤ ᠳᠠᠷᠠᠭ᠎ᠠ ᠰᠢᠨ᠎ᠡ ᠪᠠᠷ ᠪᠠᠶᠢᠭᠤᠯᠤᠭᠰᠠᠨ 5000 ᠠᠴᠠ ᠳᠡᠭᠡᠭᠰᠢᠬᠢ ᠰᠠᠭᠠᠯᠢ ᠶᠢᠨ ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠳᠤ 200 ᠲᠦᠮᠡᠨ ᠲᠥᠭᠦᠷᠢᠭ ᠤᠨ ᠨᠥᠬᠦᠪᠦᠷᠢ ᠥᠭᠴᠦ᠂ 5000  ᠶᠢ ᠨᠡᠮᠡᠭᠳᠡᠭᠦᠯᠬᠦ ᠪᠦᠷᠢ 200 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ 2022 ᠣᠨ ︵ᠪᠠᠭᠲᠠᠨ᠎ᠠ︶  ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 200 ᠪᠦᠬᠦ ᠠᠴᠠ ᠳᠡᠭᠡᠭᠰᠢᠬᠢ ᠲᠡᠮᠡᠭᠡ ᠲᠡᠵᠢᠭᠡᠨ ᠦᠷᠡᠵᠢᠭᠦᠯᠬᠦ ᠲᠠᠯᠠᠪᠠᠶ ︵ᠵᠢᠯ ᠤᠨ ᠰᠦ ᠶᠢᠨ ᠭᠠᠷᠤᠯᠲᠠ ᠶᠢ 50 ᠲᠣᠨ ᠠᠴᠠ ᠳᠣᠣᠷ᠎ᠠ ᠪᠠᠶᠢᠯᠭᠠᠬᠤ ᠦᠭᠡᠢ︶ ᠳᠤ 40 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠥᠭᠡᠷᠡᠴᠢᠯᠡᠨ ᠲᠠᠰ ᠳᠡᠪᠰᠢᠭᠦᠯᠬᠦ ᠳᠤ 20 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠰᠢᠨ᠎ᠡ ᠪᠠᠷ ᠪᠠᠶᠢᠭᠤᠯᠤᠭᠰᠠᠨ 50 ᠠᠴᠠ ᠳᠡᠭᠡᠭᠰᠢᠬᠢ ᠠᠳᠤᠭᠤ ᠲᠡᠵᠢᠭᠡᠨ ᠦᠷᠡᠵᠢᠭᠦᠯᠬᠦ ᠲᠠᠯᠠᠪᠠᠶ ︵ᠵᠢᠯ ᠤᠨ ᠰᠦ ᠶᠢᠨ ᠭᠠᠷᠤᠯᠲᠠ ᠶᠢ 10 ᠲᠣᠨ ᠠᠴᠠ ᠳᠣᠣᠷ᠎ᠠ ᠪᠠᠶᠢᠯᠭᠠᠬᠤ ᠦᠭᠡᠢ︶ ᠳᠤ 10 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠥᠭᠡᠷᠡᠴᠢᠯᠡᠨ ᠲᠠᠰ ᠳᠡᠪᠰᠢᠭᠦᠯᠬᠦ ᠳᠤ 5 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃      11᠂ ᠲᠦᠭᠦᠬᠡᠢ ᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠶᠢᠨ ᠭᠡᠷ᠎ᠡ ᠲᠣᠭᠲᠠᠬᠤ ᠨᠣᠷᠮ᠎ᠠ ᠶᠢ ᠳᠡᠭᠡᠭᠰᠢᠯᠡᠭᠦᠯᠵᠦ᠂ ᠣᠷᠣᠨ ᠤ ᠳᠣᠲᠣᠷᠠᠬᠢ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠣᠷᠣᠨ ᠤ ᠳᠣᠲᠣᠷᠠᠬᠢ ᠦᠷᠭᠦᠯᠵᠢᠯᠡᠨ 12 ᠰᠠᠷ᠎ᠠ ᠬᠠᠮᠲᠤᠷᠠᠯᠴᠠᠭᠠᠨ ᠤ ᠪᠠᠲᠤᠯᠠᠭ᠎ᠠ ᠦᠭᠡᠢ ᠬᠤᠯᠠᠨᠳ᠋ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠯᠤᠭ᠎ᠠ 2 ᠵᠢᠯ ᠠᠴᠠ ᠳᠡᠭᠡᠭᠰᠢ ᠬᠤᠳᠠᠯᠳᠤᠨ ᠠᠪᠴᠤ ᠪᠣᠷᠣᠯᠠᠭᠤᠯᠬᠤ ᠭᠡᠷ᠎ᠡ ᠲᠣᠭᠲᠠᠬᠤ ᠶᠢ ᠵᠣᠷᠢᠭᠵᠢᠭᠤᠯᠤᠨ᠎ᠠ᠃ ᠨᠢᠭᠡ ᠲᠡᠵᠢᠭᠡᠨ ᠦᠷᠡᠵᠢᠭᠦᠯᠬᠦ ᠲᠠᠯᠠᠪᠠᠶ ᠲᠠᠢ ᠰᠢᠨ᠎ᠡ ᠪᠠᠷ ᠭᠡᠷ᠎ᠡ ᠲᠣᠭᠲᠠᠬᠤ ᠶᠢᠨ ᠬᠠᠮᠲᠤ ᠡᠳᠦᠷ ᠲᠤ 1 ᠲᠣᠨ ᠠᠴᠠ ᠳᠡᠭᠡᠭᠰᠢ ᠲᠦᠭᠦᠬᠡᠢ ᠰᠦ ᠬᠤᠳᠠᠯᠳᠤᠨ ᠠᠪᠤᠪᠠᠯ᠂ ︽ᠤᠷᠢᠳᠠᠪᠠᠷ ᠭᠠᠷ ᠤᠨ ᠥᠰᠥᠭ ᠵᠢᠷᠤᠵᠤ ᠳᠠᠷᠠᠭ᠎ᠠ ᠨᠢ ᠨᠥᠬᠦᠪᠦᠷᠢᠯᠡᠬᠦ᠂ ᠤᠷᠢᠳᠠᠪᠠᠷ ᠬᠤᠷᠢᠶᠠᠵᠤ ᠳᠠᠷᠠᠭ᠎ᠠ ᠨᠢ ᠨᠥᠬᠦᠪᠦᠷᠢᠯᠡᠬᠦ︾ ᠬᠡᠯᠪᠡᠷᠢ ᠪᠠᠷ ᠡᠳ᠋ᠰᠢᠭᠦᠯᠬᠦ ᠠᠵᠤ ᠠᠬᠤᠶᠢᠯᠠᠯ ︵ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ︶  ᠳᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ 10 ᠲᠦᠮᠡᠨ ᠲᠥᠭᠦᠷᠢᠭ ᠤᠨ ᠨᠥᠬᠦᠪᠦᠷᠢ ᠦᠭᠭᠦᠨ᠎ᠡ ᠃     12᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠤᠭᠠᠴᠢᠯᠠᠯᠳᠠ ᠂ ᠪᠣᠬᠢᠷᠲᠤᠯ ᠦᠭᠡᠢ ᠬᠥᠭᠵᠢᠯᠲᠡ ᠶᠢ ᠳᠡᠮᠵᠢᠵᠦ᠂ ᠤᠯᠤᠰ ᠤᠨ ᠰᠦᠨ ᠤ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠯ ᠪᠦᠷᠢ 5000 ᠲᠦᠮᠡᠨ ᠲᠥᠭᠦᠷᠢᠭ ᠠᠴᠠ ᠳᠡᠭᠡᠭᠰᠢ ᠪᠡᠯᠡ ᠮᠥᠩᠭᠦ ᠲᠣᠬᠢᠷᠠᠭᠤᠯᠵᠤ᠂ ᠲᠡᠵᠢᠭᠡᠨ ᠦᠷᠡᠵᠢᠭᠦᠯᠬᠦ᠂ ᠰᠦ ᠰᠠᠭᠠᠬᠤ᠂ ᠡᠷᠡᠭᠦᠯᠵᠢᠯ᠂ ᠬᠢᠵᠢᠭ ᠢ ᠰᠡᠷᠭᠡᠶᠢᠯᠡᠬᠦ ᠵᠡᠷᠭᠡ ᠵᠠᠩᠭᠢᠯᠠᠭ᠎ᠠ ᠶᠢᠨ ᠲᠠᠯ᠎ᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠵᠣᠬᠢᠬᠤ ᠬᠡᠪᠴᠢᠶᠡᠲᠦ ᠣᠲᠣ ᠦᠶ᠎ᠡ ᠶᠢᠨ ᠣᠶᠤᠨᠴᠢ ᠮᠠᠯᠵᠢᠯ ᠤᠨ ᠲᠠᠯᠠᠪᠠᠶ ᠶᠢ ᠪᠦᠲᠦᠭᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠲᠣᠭᠠᠴᠢᠯᠠᠯᠲᠠ᠂ ᠣᠶᠤᠨᠴᠢᠯᠠᠯᠲᠠ ᠶᠢ ᠪᠡᠶᠡᠯᠡᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠠᠶᠢᠨ ᠰᠠᠶᠢᠬᠠᠨ ᠲᠠᠷᠢᠶᠠᠯᠠᠩ ᠤᠨ ᠵᠢᠷᠤᠮᠵᠢᠯ ᠤᠨ ᠭᠡᠷᠡᠴᠢᠯᠡᠯ ︵GAP︶ ᠢ ᠥᠷᠨᠢᠭᠦᠯᠬᠦ ᠶᠢ ᠳᠡᠮᠵᠢᠵᠦ᠂ ᠭᠡᠷᠡᠴᠢᠯᠡᠯᠲᠡ ᠪᠠᠷ ᠳᠠᠮᠵᠢᠭᠰᠠᠨ ᠪᠠᠶᠢᠪᠠᠯ ᠨᠢᠭᠡ ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠦᠭᠭᠦᠨ᠎ᠡ ᠃      ᠰᠦᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ ᠶᠢ ᠰᠢᠯᠢᠳᠡᠭᠵᠢᠭᠦᠯᠦᠨ ᠴᠢᠩᠭᠠᠳᠬᠠᠵᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ      13᠂ ᠴᠠᠭᠠᠨ ᠢᠳᠡᠭᠡᠨ ᠢ ᠡᠳ᠋ᠰᠢᠭᠦᠯᠬᠦ ᠠᠵᠤ ᠠᠬᠤᠶᠢᠯᠠᠯ ᠤᠨ ᠨᠠᠷᠢᠯᠢᠭ ᠭᠦᠨᠵᠡᠭᠡᠢ ᠡᠳ᠋ᠰᠢᠭᠦᠯᠬᠦ ᠶᠢ ᠬᠥᠭᠵᠢᠭᠦᠯᠬᠦ ᠶᠢ ᠳᠡᠮᠵᠢᠵᠦ᠂ ᠤᠤᠯ ᠤᠨ ᠬᠢᠭᠰᠡᠨ ᠪᠢᠰᠢᠯᠠᠭ᠂ ᠰᠢᠷᠠᠰᠤ᠂ ᠰᠦᠨ ᠤ ᠲᠡᠮᠦᠷ ᠤᠨ ᠤᠭᠤᠷᠠᠭ ᠵᠡᠷᠭᠡ ᠴᠠᠭᠠᠨ ᠢᠳᠡᠭᠡᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 10% ᠪᠠᠷ ᠬᠠᠮᠤᠭ ᠤᠨ ᠥᠨᠳᠥᠷ ᠲᠡᠭᠡᠨ 5000 ᠲᠦᠮᠡᠨ ᠲᠥᠭᠦᠷᠢᠭ ᠤᠨ ᠨᠥᠬᠦᠪᠦᠷᠢ ᠦᠭᠭᠦᠨ᠎ᠡ ᠃     14᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠲᠠᠰ ᠳᠡᠪᠰᠢᠬᠦ ᠶᠢ ᠵᠣᠷᠢᠭᠵᠢᠭᠤᠯᠵᠤ᠂ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠢ ᠲᠠᠰ ᠳᠡᠪᠰᠢᠭᠦᠯᠵᠦ ᠴᠠᠭᠠᠨ ᠢᠳᠡᠭᠡᠨ ᠤ ᠡᠳ᠋ᠰᠢᠭᠦᠯᠬᠦ ᠠᠵᠤ ᠠᠬᠤᠶᠢᠯᠠᠯ ᠪᠣᠯᠭᠠᠬᠤ ᠳᠤ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠢᠶᠠᠷ ᠱᠠᠩᠨᠠᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠪᠦᠷᠢᠯᠡᠬᠦ ᠦᠢᠯᠡᠳᠬᠡᠯ ᠪᠣᠯᠣᠨ ᠡᠳ᠋ᠰᠢᠭᠦᠯᠬᠦ ᠠᠵᠤ ᠠᠬᠤᠶᠢᠯᠠᠯ ᠢ ᠢᠳᠡᠭᠡᠨ ᠤ ᠬᠦᠷᠢᠶᠡᠯᠡᠩ ᠲᠣᠭᠤᠷᠢᠭ ᠲᠡᠰᠢ ᠲᠥᠪᠯᠡᠷᠡᠭᠦᠯᠬᠦ ᠶᠢ ᠲᠡᠮᠵᠢᠵᠤ ᠂ ᠬᠡᠪᠴᠢᠶᠡᠵᠢᠭᠦᠯᠦᠨ ᠡᠵᠡᠩᠨᠡᠬᠦ ᠂ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠦᠨ᠎ᠡ ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠬᠦᠷᠢᠶᠡᠯᠡᠩ ᠳᠤ ᠣᠷᠣᠪᠠᠯ ᠨᠢᠭᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠵᠤ᠂ ᠡᠳ᠋ᠰᠢᠭᠦᠯᠬᠦ ᠠᠵᠤ ᠠᠬᠤᠶᠢᠯᠠᠯ ᠤᠨ ᠬᠦᠷᠢᠶᠡᠯᠡᠩ ᠳᠤ ᠣᠷᠣᠪᠠᠯ ᠨᠢᠭᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ᠃     15᠂ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠪᠢᠰᠢᠯᠠᠭ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠲᠦᠭᠦᠬᠡᠢ ᠰᠢᠨ ᠰᠦ ᠪᠠᠷ ᠤᠤᠯ ᠤᠨ ᠬᠢᠭᠰᠡᠨ ᠪᠢᠰᠢᠯᠠᠭ ᠡᠳ᠋ᠰᠢᠭᠦᠯᠬᠦ᠂ ᠳᠡᠭᠡᠷ᠎ᠡ ᠨᠢᠭᠡ ᠵᠢᠯ ᠤᠨ ᠲᠦᠭᠦᠬᠡᠢ ᠰᠢᠨ᠎ᠡ ᠰᠦ ᠪᠠᠷ ᠤᠤᠯ ᠤᠨ ᠬᠢᠭᠰᠡᠨ ᠪᠢᠰᠢᠯᠠᠭ ᠡᠳ᠋ᠰᠢᠭᠦᠯᠬᠦ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 2000 ᠲᠥᠭᠦᠷᠢᠭ ᠤᠨ ᠨᠥᠬᠦᠪᠦᠷᠢ ᠥᠭᠭᠦᠨ᠎ᠡ᠃     16᠂ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠡᠳ᠋ᠰᠢᠭᠦᠯᠬᠦ ᠬᠡᠮᠵᠢᠶ᠎ᠡ ᠪᠠᠨ ᠥᠷᠭᠡᠳᠬᠡᠬᠦ ᠶᠢ ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠢ ᠰᠢᠨ᠎ᠡ ᠰᠦ ᠡᠳ᠋ᠰᠢᠭᠦᠯᠬᠦ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠦᠷᠢ ᠥᠭᠴᠦ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠲᠣᠰ ᠲᠣᠰ 50% ᠶᠢ ᠡᠭᠦᠷᠭᠡᠯᠡᠨ᠎ᠡ᠃     17. ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠳ 3 - 5 ᠰᠠᠷ᠎ᠠ ᠳᠤ ᠪᠣᠷᠤᠯᠠᠭᠤᠯᠭ᠎ᠠ ᠮᠠᠭᠤᠲᠠᠢ ᠤᠯᠠᠷᠢᠯ ᠳᠤ ᠭᠦᠢᠴᠡᠳ ᠲᠤᠭ᠎ᠠ ᠪᠠᠷ ᠰᠦ ᠬᠤᠷᠢᠶᠠᠬᠤ ᠶᠢ ᠲᠡᠮᠵᠢᠵᠤ ᠂ ᠲᠦᠭᠦᠬᠡᠢ ᠰᠦ ᠶᠢ ᠲᠠᠯᠬᠠᠳᠠᠪᠠᠯ ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠶᠢᠨ 10% ᠪᠠᠷ ᠲᠣᠨ ᠪᠦᠷᠢ ᠳᠤ 1000 ᠲᠥᠭᠦᠷᠢᠭ ᠤᠨ ᠨᠥᠬᠦᠪᠦᠷᠢ ᠥᠭᠴᠦ ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠨᠤᠭᠤᠳ ᠲᠤᠰ ᠲᠤᠰ 50% ᠶᠢ ᠡᠭᠦᠷᠭᠡᠯᠡᠨ᠎ᠡ ᠃ ᠨᠠᠷᠠᠲᠤ ᠲᠡᠮᠳᠡᠭᠲᠦ ᠶᠢ ᠪᠤᠶᠢᠵᠢᠭᠤᠯᠤᠨ ᠠᠵᠤ ᠦᠢᠯᠡᠰ ᠤᠨ ᠥᠷᠢᠰᠦᠯᠳᠦᠬᠦ ᠬᠦᠴᠦᠨ ᠢ     18. ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠰᠢᠯᠢ ᠶᠢᠨ ᠭᠤᠣᠯ ᠤᠨ ᠬᠤᠷᠤᠳ ᠂ ᠬᠥᠯᠥᠨ ᠪᠤᠶᠢᠷ ᠤᠨ ᠦᠨᠢᠶᠡᠨ ᠰᠦ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠭᠠᠵᠠᠷ ᠵᠦᠢ ᠶᠢᠨ ᠢᠯᠡᠷᠬᠡᠶᠢᠯᠡᠯᠳᠦ ᠰᠦᠨ ᠤ ᠪᠦᠲᠦᠭᠡᠭᠳᠡᠬᠦᠨ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠂ ᠲᠦᠭᠦᠬᠡᠢ ᠰᠦ ᠵᠢᠴᠢ ᠡᠳ᠋ᠰᠢᠭᠦᠯᠦᠭᠰᠡᠨ ᠪᠦᠲᠦᠭᠡᠭᠳᠡᠬᠦᠨ ᠤ ᠲᠣᠭᠤᠷᠢᠨ ᠳᠤ ︽ᠮᠣᠩᠭᠤᠯ︾ ᠥᠰᠥᠭ ᠤᠨ ᠲᠡᠮᠳᠡᠭ ᠢ ᠭᠡᠷᠡᠴᠢᠯᠡᠬᠦ ᠪᠠᠷᠢᠮᠵᠢᠶ᠎ᠠ ᠶᠢ ᠲᠣᠭᠲᠠᠭᠠᠨ᠎ᠠ︔ ︽ᠮᠣᠩᠭᠤᠯ︾ ᠥᠰᠥᠭ ᠤᠨ ᠲᠡᠮᠳᠡᠭ ᠢ ᠭᠡᠷᠡᠴᠢᠯᠡᠬᠦ ᠶᠢ ᠥᠷᠨᠢᠭᠦᠯᠵᠦ᠂ ᠭᠠᠵᠠᠷ ᠵᠦᠢ ᠶᠢᠨ ᠢᠯᠡᠷᠬᠡᠶᠢᠯᠡᠯᠳᠦ ᠰᠦᠨ ᠤ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠠᠷᠢᠯᠢᠭ ᠪᠥᠭᠡᠳ ᠬᠦᠴᠦᠷᠬᠡᠭᠵᠢᠭᠦᠯᠦᠨ᠎ᠡ᠃     19. ᠠᠵᠤ ᠦᠢᠯᠡᠰ ᠤᠨ ᠣᠨᠴᠠᠯᠢᠭ ᠲᠤ ᠲᠦᠰᠢᠭᠯᠡᠨ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠴᠠᠭᠠᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠬᠦᠨ ᠤ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠣᠶ ᠪᠣᠯᠭᠠᠬᠤ ᠶᠢ ᠴᠢᠩᠭᠠᠳᠬᠠᠵᠤ᠂ ᠢᠮᠠᠭᠠᠨ ᠰᠦ ᠂ ᠢᠩᠭᠡᠨ ᠰᠦ ᠂ ᠴᠡᠭᠡ ᠵᠡᠷᠭᠡ ᠣᠨᠴᠠᠯᠢᠭᠲᠤ ᠴᠠᠭᠠᠨ ᠢᠳᠡᠭᠡᠨ ᠤ ᠰᠢᠨ᠎ᠡ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠤᠨ᠂ ᠬᠡᠯᠬᠢᠶᠡᠵᠢᠭᠰᠡᠨ ᠠᠵᠤ ᠠᠬᠤᠶᠢᠯᠠᠯ ᠤᠨ ᠣᠯᠠᠨ ᠤᠯᠤᠰ ᠤᠨ ᠫᠠᠶᠢᠰᠠ ᠶᠢ ᠰᠠᠶᠢᠲᠤᠷ ᠬᠢᠨ᠎ᠡ᠃     20᠂ ᠳᠡᠯᠡᠬᠡᠢ ᠶᠢᠨ ᠰᠦᠨ ᠤ ᠦᠢᠯᠡᠰ ᠤᠨ ᠶᠡᠭᠡ ᠬᠤᠷᠠᠯ ᠢ ᠰᠠᠶᠢᠲᠤᠷ ᠡᠷᠭᠢᠯᠡᠵᠦ᠂ ᠥᠪᠥᠷ ᠮᠣᠩᠭᠤᠯ ᠤᠨ ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠮᠵᠢᠯᠲᠠ ᠪᠦᠲᠦᠮᠵᠢ ᠶᠢ ᠭᠦᠢᠴᠡᠳ ᠬᠠᠷᠠᠭᠤᠯᠤᠨ᠎ᠠ᠃ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ᠂ ᠮᠧᠩ ᠨᠢᠦ ᠳᠤᠮᠳᠠᠳᠤ ᠤᠯᠤᠰ ᠤᠨ ᠰᠦᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠷ ᠲᠣᠮᠣ ᠮᠢᠩᠭᠠᠨ ᠳ᠋ᠦᠩᠰᠢᠭᠤᠷ ᠤᠨ ᠲᠠᠰ ᠤᠨ ︽ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠥᠬᠦ ᠪᠥᠮᠪᠥᠷᠴᠡᠭ ᠤᠨ ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠥᠨᠳᠦᠷᠯᠢᠭ ᠢ ᠪᠣᠶ ᠪᠣᠯᠭᠠᠨ᠎ᠠ᠃     ᠬᠡᠷᠡᠭᠯᠡᠭᠡ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ ᠴᠠᠭᠠᠨ ᠢᠳᠡᠭᠡᠨ ᠤ ᠪᠤᠷᠤᠯᠠᠭᠤᠯᠭ᠎ᠠ ᠶᠢ ᠦᠷᠭᠡᠳᠬᠡᠨ᠎ᠡ     21᠂ ᠰᠦᠨ ᠤ ᠦᠢᠯᠡᠰ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠴᠠᠭᠠᠨ ᠢᠳᠡᠭᠡᠨ ᠤ ᠰᠢᠮ᠎ᠡ ᠲᠡᠵᠢᠭᠡᠯ ᠤᠨ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠶᠠᠩᠵᠤᠴᠢᠯᠠᠭᠰᠠᠨ᠂ ᠣᠷᠣᠨ ᠨᠤᠲᠤᠭᠴᠢᠯᠠᠭᠰᠠᠨ ᠬᠡᠷᠡᠭᠯᠡᠭᠡᠨ ᠤ ᠳᠠᠳᠬᠠᠯ ᠢ ᠪᠤᠶᠢᠵᠢᠭᠤᠯᠤᠨ᠎ᠠ᠃ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠬᠡᠷᠡᠭᠯᠡᠭᠴᠢᠳ ᠤᠨ ᠬᠡᠷᠡᠭᠯᠡᠭᠡᠨ ᠤ ᠦᠵᠡᠰᠬᠦᠯᠡᠩ ᠂ ᠨᠣᠭᠤᠭᠠᠨ ᠤ ᠦᠵᠡᠰᠬᠦᠯᠡᠩ ᠤᠨ ᠴᠤᠭᠯᠠᠭᠠᠨ ᠵᠡᠷᠭᠡ ᠤᠯᠤᠰ ᠤᠨ ᠳᠣᠲᠣᠭᠠᠳᠤ ᠶᠢᠨ ᠨᠡᠷᠡᠳᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠶᠢ ᠲᠡᠮᠵᠢᠵᠤ ᠂ ᠳᠡᠯᠭᠡᠨ ᠪᠣᠷᠣᠯᠠᠭᠤᠯᠬᠤ ᠠᠵᠢᠯᠯᠠᠭ᠎ᠠ ᠡᠷᠬᠢᠯᠡᠵᠤ ᠂ ᠴᠠᠭᠠᠨ ᠢᠳᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠨ᠎ᠡ ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤ ᠥᠭᠴᠦ᠂ ᠥᠪᠥᠷ ᠮᠣᠩᠭᠤᠯ ᠤᠨ ᠰᠦᠨ ᠤ ᠦᠢᠯᠡᠰ ᠤᠨ ᠰᠠᠶᠢᠨ ᠰᠠᠶᠢᠬᠠᠨ ᠳᠦᠷᠢ ᠳᠥᠷᠬᠦ ᠶᠢ ᠬᠠᠮᠠᠭᠠᠯᠠᠨ᠎ᠠ᠃     22᠂ ᠠᠵᠤ ᠦᠢᠯᠡᠳᠪᠦᠷᠢ ᠶᠢᠨ ᠵᠢᠭᠤᠯᠴᠢᠯᠠᠯ ᠢ ᠵᠣᠷᠢᠭᠵᠢᠭᠤᠯᠤᠨ ᠬᠥᠭᠵᠢᠭᠦᠯᠵᠦ᠂ ᠨᠥᠬᠦᠴᠡᠯ ᠳᠤ ᠨᠡᠶᠢᠴᠡᠬᠦ ᠰᠦᠨ ᠤ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠤᠨ ᠤᠯᠤᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠵᠦ᠂ ᠴᠠᠭᠠᠨ ᠢᠳᠡᠭᠡᠨ ᠤ ︽ᠬᠡᠷᠡᠭᠯᠡᠭᠡ + ᠵᠢᠭᠤᠯᠴᠢᠯᠠᠯ︾ ᠤᠨ ᠰᠢᠨ᠎ᠡ ᠵᠠᠭᠪᠤᠷ ᠢ ᠪᠣᠶ ᠪᠣᠯᠭᠠᠨ᠎ᠠ᠃ ᠰᠠᠭᠠᠯᠢ ᠶᠢᠨ ᠦᠨᠢᠶ᠎ᠡ ᠶᠢᠨ ᠰᠡᠯᠡᠭᠦᠴᠡᠯ ᠵᠤᠭᠠᠴᠠᠯ ᠤᠨ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠡᠭᠦᠳᠦᠨ ᠪᠠᠶᠢᠭᠤᠯᠤᠭᠠᠳ ᠠᠮᠵᠢᠯᠲᠠ ᠣᠯᠣᠭᠰᠠᠨ ᠲᠡᠵᠢᠭᠡᠨ ᠦᠷᠡᠵᠢᠭᠦᠯᠬᠦ ᠲᠠᠯᠠᠪᠠᠶ ᠶᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠬᠥᠳᠡᠭᠡ ᠬᠦᠷᠴᠦ ᠵᠤᠭᠠᠴᠠᠮᠠᠷ ᠰᠠᠨᠠᠬᠤ ᠶᠤᠮ ︾ ᠬᠥᠳᠡᠭᠡ ᠲᠣᠰᠬᠤᠨ ᠤ ᠰᠡᠯᠡᠭᠦᠴᠡᠯ ᠵᠤᠭᠠᠴᠠᠯ ᠤᠨ ᠰᠦᠯᠵᠢᠶᠡᠨ ᠳᠡᠭᠡᠷᠡᠬᠢ ᠲᠠᠪᠴᠠᠩ ᠳᠤ ᠣᠷᠣᠭᠤᠯᠤᠨ ᠳᠡᠯᠭᠡᠷᠡᠭᠦᠯᠦᠨ᠎ᠡ᠃     23᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠴᠠᠭᠠᠨ ᠢᠳᠡᠭᠡᠨ ᠤ ᠠᠵᠤ ᠠᠬᠤᠶᠢᠯᠠᠯ᠂ ᠡᠯ᠎ᠡ ᠲᠥᠷᠥᠯ ᠤᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠪᠤᠯᠪᠠᠰᠤᠷᠠᠯ ᠤᠨ ᠪᠠᠶᠢᠭᠤᠯᠤᠮᠵᠢ ᠵᠡᠷᠭᠡ ᠶᠢᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠳᠡᠮᠵᠢᠵᠦ᠂ ᠴᠠᠭᠠᠨ ᠢᠳᠡᠭᠡᠨ ᠤ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠠᠬᠢᠭᠤᠯᠤᠨ᠎ᠠ᠃ ᠴᠠᠭᠠᠨ ᠢᠳᠡᠭᠡᠨ ᠤ ᠠᠵᠤ ᠠᠬᠤᠶᠢᠯᠠᠯ ᠪᠠ ᠬᠤᠳᠠᠯᠳᠤᠭᠠᠨ ᠤ ᠡᠷᠦᠬᠡ ᠶᠢᠨ ᠡᠯᠧᠺᠳ᠋ᠷᠣᠨ ᠬᠤᠳᠠᠯᠳᠤᠭᠠᠨ ᠤ ᠲᠠᠪᠴᠠᠩ  ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠣᠷᠣᠨ ᠨᠤᠲᠤᠭ ᠤᠨ ᠣᠨᠴᠠᠯᠢᠭᠲᠤ ᠣᠷᠳᠣᠨ ᠪᠠ ᠬᠤᠰᠢᠭᠤᠨ ᠤ ᠳᠡᠯᠭᠡᠭᠦᠷ ᠨᠡᠭᠡᠭᠡᠵᠦ᠂ ᠬᠤᠶᠠᠷ ᠵᠦᠢᠯ ᠤᠨ ᠦᠢᠯᠡᠳᠬᠦᠨ ᠤ ᠰᠦᠯᠵᠢᠶ᠎ᠡ ᠪᠠᠷ ᠬᠤᠳᠠᠯᠳᠤᠨ ᠠᠪᠬᠤ ᠪᠠᠶᠠᠷ᠂ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠵᠡᠷᠭᠡ ᠭᠤᠣᠯ ᠰᠡᠳᠦᠪᠲᠦ ᠪᠠᠶᠠᠷ ᠤᠨ ᠡᠳᠦᠷ ᠢᠶᠠᠷ ᠳᠠᠮᠵᠢᠭᠤᠯᠤᠨ ᠲᠥᠪᠯᠡᠷᠡᠭᠦᠯᠦᠨ ᠳᠡᠯᠭᠡᠷᠡᠭᠦᠯᠵᠦ ᠡᠵᠡᠩᠨᠡᠨ ᠪᠣᠷᠣᠯᠠᠭᠤᠯᠤᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠭᠡ ᠳᠤ ᠤᠷᠤᠭᠤᠯᠬᠤ ᠶᠢ ᠠᠬᠢᠭᠤᠯᠤᠨ᠎ᠠ      24᠂ ᠤᠯᠤᠰ ᠤᠨ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ ᠪᠠᠳᠠᠷᠠᠭᠤᠯᠵᠤ᠂ ᠵᠢᠯ ᠪᠦᠷᠢ 1 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠲᠣᠬᠢᠷᠠᠭᠤᠯᠤᠨ᠂ ᠰᠦᠨ ᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠨᠢᠭᠡ ᠪᠦᠯᠦᠭ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠨ᠎ᠡ᠃ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠴᠢᠨᠠᠷ ᠰᠠᠶᠢᠲᠠᠢ᠂ ᠥᠨᠳᠥᠷ ᠨᠡᠮᠡᠯᠲᠡ ᠥᠷᠲᠡᠭ ᠲᠠᠢ ᠳᠡᠭᠡᠳᠦ ᠲᠠᠰ ᠤᠨ ᠴᠠᠭᠠᠨ ᠢᠳᠡᠭᠡᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠵᠦᠷᠢᠶᠡᠴᠢᠯᠡᠭᠰᠡᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      25᠂ ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶ᠎ᠡ ᠶᠢᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠵᠡᠷᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠢᠯ ᠪᠦᠷᠢ ︽ᠵᠠᠷᠯᠠᠨ ᠮᠠᠩᠯᠠᠶᠢᠯᠠᠭᠤᠯᠬᠤ ︾ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠠᠶᠢᠳᠠᠪᠤᠷᠢᠵᠢᠭᠤᠯᠤᠨ ᠤᠯᠠᠷᠢᠭᠤᠯᠤᠭᠰᠠᠨ ᠭᠤᠣᠯᠯᠠᠬᠤ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠭᠰᠡᠨ ᠢ ᠱᠠᠩᠨᠠᠨ ᠬᠥᠬᠢᠭᠦᠯᠦᠨ᠎ᠡ᠃ ᠰᠦᠨ ᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠦᠷᠢᠶ᠎ᠡ ᠴᠠᠷᠠᠭ᠎ᠠ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠪᠤᠶᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠭᠤᠣᠯ ᠴᠣᠭᠴᠠ ᠶᠢ ᠰᠢᠪᠲᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠲᠣᠭᠲᠠᠭᠠᠬᠤ ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃      26᠂ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠶᠢᠭᠡᠮ ᠤᠨ ᠪᠦᠯᠬᠦᠮ ᠵᠡᠷᠭᠡ ᠶᠢ ᠵᠢᠯᠤᠭᠤᠳᠴᠤ ᠪᠠᠶᠢᠭᠠᠳ ᠣᠷᠣᠨ ᠨᠤᠲᠤᠭ᠂ ᠠᠵᠢᠯ ᠲᠥᠷᠥᠯ᠂ ᠪᠦᠯᠬᠦᠮ ᠵᠡᠷᠭᠡ ᠪᠠᠷᠢᠮᠵᠢᠶ᠎ᠠ ᠶᠢ ᠰᠤᠳᠤᠯᠤᠨ ᠦᠢᠯᠡᠳᠬᠦ ᠠᠵᠢᠯ ᠢ ᠥᠷᠨᠢᠭᠦᠯᠦᠨ᠎ᠡ᠃ ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠤᠯᠤᠰ ᠪᠣᠯᠣᠨ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ ᠂ ᠠᠵᠢᠯ ᠲᠥᠷᠥᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠬᠥᠲᠥᠯᠥᠨ ᠵᠢᠯᠤᠭᠤᠳᠴᠤ ᠳᠡᠭᠡᠭᠰᠢᠯᠡᠭᠦᠯᠦᠨ᠎ᠡ ᠃     ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ     27᠂ ᠰᠠᠭᠠᠯᠢ ᠶᠢᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠵᠤ᠂ ᠪᠷᠦ᠋ᠼᠧᠯ ᠡᠪᠡᠳᠴᠢᠨ ᠤ ᠸᠠᠺᠼᠢᠨ ᠢ ᠨᠢᠭᠡᠳᠦᠯᠲᠡᠢ ᠬᠤᠳᠠᠯᠳᠤᠨ ᠠᠪᠴᠤ᠂ ᠰᠢᠨ᠎ᠡ ᠲᠤᠭᠤᠯ᠂ ᠰᠢᠨ᠎ᠡ ᠨᠥᠬᠦᠪᠦᠷᠢ ᠬᠠᠰᠢᠶ᠎ᠠ ᠲᠠᠢ ᠰᠠᠭᠠᠯᠢ ᠶᠢᠨ ᠦᠨᠢᠶ᠎ᠡ ᠪᠠ ᠰᠠᠭᠠᠯᠢ ᠶᠢᠨ ᠢᠮᠠᠭ᠎ᠠ ᠳᠤ ᠡᠭᠡᠯᠢᠯᠡᠭᠡ ᠶᠢᠨ ᠠᠵᠢᠯᠯᠠᠭ᠎ᠠ ᠥᠷᠨᠢᠭᠦᠯᠦᠨ᠎ᠡ︔ ᠰᠠᠭᠠᠯᠢ ᠶᠢᠨ ᠦᠨᠢᠶ᠎ᠡ ᠶᠢᠨ ᠬᠡᠪᠴᠢᠶᠡᠲᠦ ᠲᠠᠯᠠᠪᠠᠶ ᠶᠢᠨ ᠰᠦᠷᠢᠶ᠎ᠡ ᠡᠪᠡᠳᠴᠢᠨ ᠢ ᠪᠠᠶᠢᠴᠠᠭᠠᠨ ᠬᠡᠮᠵᠢᠬᠦ ᠳᠤ ᠲᠣᠯᠣᠭᠠᠢ ᠪᠦᠷᠢ ᠳᠤ 15 ᠲᠥᠭᠦᠷᠢᠭ ᠨᠥᠬᠦᠪᠦᠷᠢᠯᠡᠨ᠎ᠡ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠴᠡᠪᠡᠷᠰᠢᠭᠦᠯᠬᠦ ᠡᠭᠦᠳᠦᠨ ᠪᠠᠶᠢᠭᠤᠯᠬᠤ ᠲᠠᠯᠠᠪᠠᠶ ᠶᠢᠨ ᠦᠨᠡᠯᠡᠨ ᠵᠢᠱᠢᠯᠲᠡ ᠪᠠᠷ ᠳᠠᠮᠵᠢᠭᠰᠠᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ 50 ᠲᠦᠮᠡᠨ ᠲᠥᠭᠦᠷᠢᠭ ᠢᠶᠠᠷ ᠱᠠᠩᠨᠠᠵᠤ᠂ ᠤᠯᠤᠰ ᠤᠨ ᠲᠠᠰ ᠤᠨ ᠴᠡᠪᠡᠷᠰᠢᠭᠦᠯᠬᠦ ᠲᠠᠯᠠᠪᠠᠶ ᠪᠤᠶᠤ ᠤᠯᠤᠰ ᠤᠨ ᠲᠠᠰ ᠤᠨ ᠬᠢᠵᠢᠭ ᠦᠭᠡᠢ ᠵᠢᠵᠢᠭ ᠲᠣᠭᠤᠷᠢᠭ ᠤᠨ ᠦᠨᠡᠯᠡᠨ ᠵᠢᠱᠢᠯᠲᠡ ᠪᠠᠷ ᠳᠠᠮᠵᠢᠭᠰᠠᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ 100 ᠲᠦᠮᠡᠨ ᠲᠥᠭᠦᠷᠢᠭ ᠢᠶᠠᠷ ᠱᠠᠩᠨᠠᠨ᠎ᠠ ᠃ ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠥᠮᠥᠨ ᠮᠠᠯ ᠳᠤ ᠲᠤᠰᠳᠠᠭ ᠡᠪᠡᠳᠴᠢᠨ ᠪᠠ ᠰᠠᠭᠠᠯᠢ ᠶᠢᠨ ᠦᠨᠢᠶ᠎ᠡ ᠶᠢᠨ ᠪᠠᠶᠢᠩᠭᠤ ᠲᠣᠬᠢᠶᠠᠯᠳᠤᠳᠠᠭ ᠡᠪᠡᠳᠴᠢᠨ ᠤ ᠸᠠᠺᠼᠢᠨ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃      28᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠬᠦ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠲᠦᠭᠦᠬᠡᠢ ᠰᠢᠨ᠎ᠡ ᠰᠦ ᠬᠤᠳᠠᠯᠳᠤᠨ ᠠᠪᠬᠤ ᠥᠷᠲᠡᠭᠡ ᠪᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠢᠨᠠᠨ ᠬᠡᠮᠵᠢᠯᠲᠡ ᠶᠢ ᠨᠡᠶᠢᠳᠡᠮ ᠬᠠᠮᠤᠷᠬᠤ ᠶᠢ ᠦᠨᠡᠨ ᠬᠦ ᠪᠠᠲᠤᠯᠠᠨ᠎ᠠ᠃ ᠵᠠᠬ᠎ᠠ ᠳᠡᠯᠭᠡᠭᠦᠷ ᠤᠨ ᠬᠠᠩᠭᠠᠨ ᠪᠣᠷᠣᠯᠠᠭᠤᠯᠬᠤ ᠡᠮᠬᠢ ᠳᠢᠭᠯᠢᠮ ᠢ ᠡᠪᠳᠡᠬᠦ ᠵᠡᠷᠭᠡ ᠬᠠᠤᠯᠢ ᠲᠣᠭᠲᠠᠭᠠᠯ  ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠬᠦ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠬᠠᠤᠯᠢ ᠶᠣᠰᠣᠭᠠᠷ ᠴᠠᠭᠠᠵᠠᠯᠠᠨ᠎ᠠ᠃      ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠵᠦ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ     29᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ︽ᠬᠡᠯᠬᠢᠶᠡᠨ ᠤ ᠳᠠᠷᠤᠭ᠎ᠠ ᠶᠢᠨ ᠳᠦᠷᠢᠮ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠷᠠᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠬᠢᠬᠦ ᠬᠡᠷᠡᠭᠲᠡᠢ᠃ ᠨᠥᠬᠦᠪᠦᠷᠢ ᠶᠢᠨ ᠲᠥᠷᠥᠯ ᠤᠨ ᠲᠥᠷᠥ ᠶᠢᠨ ᠪᠣᠳᠣᠯᠭ᠎ᠠ ᠳᠤ ᠬᠡᠷᠡᠭᠵᠢᠭᠦᠯᠬᠦ ᠨᠠᠷᠢᠨ ᠳᠦᠷᠢᠮ ︵ᠲᠥᠰᠥᠯ︶ ᠢ ᠲᠣᠭᠲᠠᠭᠠᠵᠤ᠂ ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠷᠠᠭᠤᠯᠤᠨ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠠᠵᠢᠯ ᠢᠶᠠᠨ ᠴᠠᠭ ᠲᠤᠬᠠᠢ ᠳᠤ ᠨᠢ ᠰᠤᠳᠤᠯᠵᠤ᠂ ᠡᠭᠦᠷᠭᠡ ᠪᠠᠨ ᠳᠣᠷᠣᠭᠰᠢ ᠳᠡᠯᠭᠡᠵᠦ᠂ ᠠᠰᠠᠭᠤᠳᠠᠯ ᠢ ᠰᠢᠢᠳᠪᠦᠷᠢᠯᠡᠨ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠳᠡᠪᠰᠢᠭᠦᠯᠦᠨ ᠰᠤᠳᠤᠯᠤᠭᠤᠯᠬᠤ ᠬᠡᠷᠡᠭᠲᠡᠢ᠃      30᠂ ᠲᠦᠭᠦᠬᠡᠢ ᠰᠢᠨ᠎ᠡ ᠰᠦᠨ ᠤ ᠦᠢᠯᠡᠳᠪᠦᠷᠢᠯᠡᠯ ᠤᠨ ᠥᠪᠡᠷ ᠤᠨ ᠥᠷᠲᠡᠭ ᠢ ᠬᠢᠨᠠᠨ ᠬᠡᠮᠵᠢᠬᠦ ᠶᠢ ᠰᠠᠶᠢᠲᠤᠷ ᠬᠢᠵᠦ᠂ ᠠᠷᠠᠯᠵᠢᠶ᠎ᠠ ᠶᠢᠨ ᠯᠠᠪᠯᠠᠯᠲᠠ ᠶᠢᠨ ᠦᠨ᠎ᠡ ᠬᠠᠩᠰᠢ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠤᠨ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠦᠭᠦᠬᠡᠢ ᠰᠢᠨ᠎ᠡ ᠰᠦᠨ ᠤ ᠦᠨ᠎ᠡ ᠬᠠᠩᠰᠢ ᠶᠢᠨ ᠵᠥᠪᠳᠡᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠲᠦᠭᠦᠬᠡᠢ ᠰᠢᠨ᠎ᠡ ᠰᠦᠨ ᠤ ᠬᠤᠳᠠᠯᠳᠤᠨ ᠠᠪᠬᠤ ᠪᠠ ᠪᠣᠷᠣᠯᠠᠭᠤᠯᠬᠤ ᠡᠮᠬᠢ ᠳᠢᠭᠯᠢᠮ ᠢ ᠲᠣᠭᠲᠠᠪᠤᠷᠢᠵᠢᠭᠤᠯᠤᠨ᠎ᠠ᠃ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢ ᠦᠨᠡᠯᠡᠨ ᠵᠢᠱᠢᠬᠦ ᠠᠵᠢᠯ ᠢ ᠢᠳᠡᠪᠬᠢᠲᠡᠢ ᠥᠷᠨᠢᠭᠦᠯᠵᠦ ᠂ ᠵᠠᠬ᠎ᠠ ᠳᠡᠯᠭᠡᠭᠦᠷ ᠤᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ ᠂ ᠬᠡᠲᠦᠷᠡᠮᠡᠬᠡᠢ ᠪᠠᠶᠢᠳᠠᠯ ᠭᠠᠷᠬᠤ ᠶᠢ ᠰᠡᠷᠭᠡᠶᠢᠯᠡᠨ᠎ᠡ ᠃     31᠂ ᠰᠢᠯᠵᠢᠭᠦᠯᠦᠨ ᠥᠭᠬᠦ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠡᠯᠡ ᠮᠥᠩᠭᠦ ᠶᠢ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠤᠨ᠎ᠠ᠃ ᠲᠥᠷᠥᠯ ᠵᠦᠢᠯ ᠤᠨ ᠪᠡᠯᠡ ᠮᠥᠩᠭᠦ ᠶᠢ ᠠᠶᠢᠮᠠᠭ ᠬᠤᠲᠠ ᠠᠴᠠ ᠬᠡᠷᠡᠭᠵᠢᠭᠦᠯᠬᠦ ᠭᠤᠣᠯ ᠴᠣᠭᠴᠠ ᠳᠤ ᠰᠢᠭᠤᠳ ᠰᠢᠯᠵᠢᠭᠦᠯᠦᠨ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠲᠦᠷᠦᠭᠦᠯᠡᠬᠦ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠪᠡᠯᠡ ᠮᠥᠩᠭᠦ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠪᠤᠲᠠᠲᠠᠶᠢᠵᠢᠭᠤᠯᠬᠤ ᠶᠢ ᠪᠠᠲᠤᠯᠠᠨ᠎ᠠ᠃    32 . ᠰᠠᠭᠤᠷᠢ ᠮᠥᠩᠭᠦᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ᠎ᠡ ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ᠂ ᠨᠥᠭᠡᠴᠡᠯᠡᠯ ᠭᠦᠢᠴᠡᠳ ᠪᠥᠭᠡᠳ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠰᠦᠨ ᠤ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠤᠷᠢᠳᠠᠪᠠᠷ ᠳᠡᠮᠵᠢᠨ᠎ᠡ᠃ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠡᠵᠢᠭᠡᠨ ᠦᠷᠡᠵᠢᠭᠦᠯᠬᠦ᠂ ᠡᠪᠡᠰᠦᠨ ᠤ ᠦᠢᠯᠡᠰ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠤᠷᠢᠳᠠᠪᠠᠷ ᠳᠡᠮᠵᠢᠨ᠎ᠡ᠃     33᠂ ᠮᠥᠩᠭᠦᠨ ᠭᠦᠢᠯᠭᠡᠭᠡᠨ ᠤ ᠳᠡᠮᠵᠢᠯᠭᠡ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠨ ᠱᠠᠩᠨᠠᠵᠤ ᠨᠥᠬᠦᠪᠦᠷᠢ ᠥᠭᠬᠦ ᠶᠢ ᠵᠣᠷᠢᠭᠵᠢᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠡᠪᠡᠰᠦᠨ ᠤ ᠦᠢᠯᠡᠰ᠂ ᠰᠦᠨ ᠤ ᠦᠢᠯᠡᠰ ᠵᠡᠷᠭᠡ ᠠᠵᠤ ᠠᠬᠤᠶᠢᠯᠠᠯ ᠤᠨ ᠫᠠᠶᠢᠰᠠ ᠡᠯᠭᠦᠨ᠂ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ᠃ ︽ᠳᠠᠭᠠᠳᠬᠠᠯ ᠳᠤ ᠲᠤᠰᠠᠯᠠᠬᠤ ᠵᠢᠭᠡᠯᠡᠯᠭᠡ︾᠂ ︽ᠠᠮᠢᠳᠤ ᠪᠡᠶᠡᠲᠦ ᠶᠢᠨ ᠵᠢᠭᠡᠯᠡᠯᠭᠡ︾᠂ ︽ᠳᠠᠭᠠᠳᠬᠠᠯ ᠤᠨ ᠬᠠᠭᠤᠳᠠᠰᠤ ᠪᠠᠷ ᠳᠠᠨᠵᠢᠯᠠᠬᠤ︾᠂ ︽ᠬᠥᠬᠡ ᠳᠠᠷᠤᠰᠢ ᠶᠢᠨ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠦᠢᠯᠡᠳᠬᠦᠨ ᠢ ᠶᠡᠬᠡᠪᠡᠷ ᠳᠡᠯᠭᠡᠷᠡᠭᠦᠯᠦᠨ᠎ᠡ᠃ ᠦᠨᠢᠶᠡᠨ ᠰᠦᠨ ᠤ ᠦᠨ᠎ᠡ ᠬᠠᠩᠰᠢ ᠶᠢᠨ ᠳᠠᠭᠠᠳᠬᠠᠯ ᠤᠨ ᠲᠤᠷᠰᠢᠯᠲᠠ ᠶᠢ ᠰᠦᠪᠡᠭᠴᠢᠯᠡᠨ ᠥᠷᠨᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠵᠢᠭᠡᠯᠡᠯᠭᠡ ᠶᠢᠨ ᠬᠤᠭᠤᠴᠠᠭ᠎ᠠ ᠶᠢ ᠵᠦᠢ ᠵᠣᠬᠢᠰᠲᠠᠢ ᠲᠣᠭᠲᠠᠭᠠᠵᠤ᠂ ᠳᠤᠮᠳᠠ ᠣᠷᠳᠣ ᠬᠤᠭᠤᠴᠠᠭᠠᠨ ᠤ ᠬᠠᠷᠠᠭᠠᠯᠵᠠᠯᠲᠤ ᠬᠦᠦ ᠶᠢᠨ ᠨᠣᠷᠮ᠎ᠠ ᠲᠠᠢ ᠵᠢᠭᠡᠯᠡᠯᠭᠡ ᠣᠯᠭᠤᠵᠤ᠂ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠶᠢᠨ ᠡᠵᠡᠯᠡᠬᠦ ᠬᠠᠷᠢᠴᠠᠯ ᠢ ᠥᠷᠭᠡᠳᠬᠡᠨ᠂ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢᠨ ᠲᠦᠭᠰᠢᠭᠦᠷᠢ ᠶᠢ ᠬᠦᠯᠢᠴᠡᠬᠦ ᠬᠡᠮᠵᠢᠶ᠎ᠡ ᠶᠢ ᠵᠣᠬᠢᠰᠲᠠᠢ ᠳᠡᠭᠡᠭᠰᠢᠯᠡᠭᠦᠯᠦᠨ᠎ᠡ᠃   
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ