ᠮᠠᠨ ᠤ ᠣᠷᠣᠨ 2023 ᠣᠨ ᠤ ᠪᠦᠭᠦ ᠤᠯᠤᠰ ᠤᠨ ᠰᠢᠯᠢᠮᠳᠡᠭ ᠤᠨ ᠥᠨᠳᠥᠷ ᠤᠨᠠᠯᠲᠠ ᠶᠢᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2023/12/13
       ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ 2023 ᠣᠨ ᠤ ᠪᠦᠭᠦ ᠤᠯᠤᠰ ᠤᠨ ᠬᠠᠪᠤᠷ ᠤᠨ ᠰᠢᠯᠢᠮᠳᠡᠭ ᠤᠨ ᠣᠷᠣᠨ ᠤ ᠥᠨᠳᠥᠷ ᠤᠨᠠᠯᠲᠠ ᠶᠢᠨ ᠤᠷᠤᠯᠳᠤᠭᠠᠨ ᠤ ᠦᠷ᠎ᠡ ᠳ᠋ᠦᠩ ᠲᠣᠳᠣᠷᠠᠵᠤ᠂ ᠮᠠᠨ  ᠤ ᠣᠷᠣᠨ ᠰᠢᠯᠢᠳᠡᠭ ᠬᠢᠷᠢ ᠪᠦᠳᠦᠮᠵᠢ ᠣᠯᠣᠭᠰᠠᠨ ᠪᠠᠶᠢᠨ᠎ᠠ᠃ 2023 ᠣᠨ ᠤ ᠪᠦᠭᠦ ᠤᠯᠤᠰ ᠤᠨ ᠬᠠᠪᠤᠷ ᠤᠨ ᠰᠢᠯᠢᠮᠳᠡᠭ ᠤᠨ ᠣᠷᠣᠨ ᠤ ᠥᠨᠳᠥᠷ ᠤᠨᠠᠯᠲᠠ ᠶᠢᠨ ᠤᠷᠤᠯᠳᠤᠭᠠᠨ ᠳᠤ ᠬᠥᠯᠥᠨ ᠪᠤᠶᠢᠷ ᠤᠨ ᠬᠠᠳᠠᠲᠤ ᠲᠠᠷᠢᠶᠠᠯᠠᠩ ᠮᠠᠯᠵᠢᠯ ᠤᠨ ᠲᠠᠯᠠᠪᠠᠢ ᠶᠢᠨ 11 ᠳ᠋ᠦ᠋ᠭᠡᠷ ᠪᠠᠷᠢᠭᠠᠳᠠ  ᠶᠢᠨ 1052 ᠮᠦ ᠶᠢᠨ ᠵᠢᠱᠢᠶ᠎ᠡ ᠦᠵᠡᠭᠦᠯᠭᠦ ᠣᠷᠣᠨ ᠤ ᠮᠦ ᠳᠤᠮᠳᠠᠴᠢ ᠶᠢᠨ ᠤᠨᠠᠯᠲᠠ ᠨᠢ 277.85 ᠺᠢᠯᠦᠭᠷᠠᠮ  ᠳᠤ ᠬᠦᠷᠴᠦ᠂ ᠪᠦᠭᠦ ᠤᠯᠤᠰ ᠲᠤ ᠲᠡᠳ᠋ᠯᠡᠪᠡ︔ ᠬᠥᠯᠥᠨ ᠪᠤᠶᠢᠷ ᠤᠨ ᠬᠠᠳᠠᠲᠤ ᠲᠠᠷᠢᠶᠠᠯᠠᠩ ᠮᠠᠯᠵᠢᠯ ᠤᠨ ᠲᠠᠯᠠᠪᠠᠢ ᠶᠢᠨ 13 ᠳ᠋ᠤᠭᠠᠷ ᠪᠠᠷᠢᠭᠠᠳᠠ ᠶᠢᠨ 841 ᠮᠦ ᠶᠢᠨ ᠵᠢᠱᠢᠶ᠎ᠡ ᠦᠵᠡᠭᠦᠯᠭᠦ ᠲᠠᠯᠠᠪᠠᠢ ᠶᠢᠨ ᠮᠦ ᠳᠤᠮᠳᠠᠴᠢ ᠶᠢᠨ ᠤᠨᠠᠯᠳᠠ 251.9 ᠺᠢᠯᠦᠭᠷᠠᠮ ᠳᠤ ᠬᠦᠷᠴᠦ ᠂ ᠪᠦᠭᠦ ᠤᠯᠤᠰ ᠲᠤ ᠲᠠᠪᠤᠳᠤᠭᠠᠷ ᠲᠤ ᠣᠷᠣᠪᠠ︔ ᠬᠥᠯᠥᠨ ᠪᠤᠶᠢᠷ ᠤᠨ ᠳᠡᠨᠢᠭᠡ ᠭᠤᠣᠯ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ 7 ᠳ᠋ᠤᠭᠠᠷ ᠪᠠᠷᠢᠭᠠᠳᠠ ᠶᠢᠨ 368 ᠮᠦ ᠶᠢᠨ ᠵᠢᠱᠢᠶ᠎ᠡ ᠦᠵᠡᠭᠦᠯᠭᠦ ᠲᠠᠯᠠᠪᠠᠢ ᠶᠢᠨ ᠮᠦ ᠳᠤᠮᠳᠠᠴᠢ ᠶᠢᠨ ᠤᠨᠠᠯᠳᠠ 250.8 ᠺᠢᠯᠦᠭᠷᠠᠮ ᠳᠤ ᠬᠦᠷᠴᠦ᠂ ᠪᠦᠭᠦ ᠤᠯᠤᠰ ᠲᠤ ᠵᠢᠷᠭᠤᠳᠤᠭᠠᠷ ᠲᠤ ᠣᠷᠣᠵᠠᠢ᠃       ᠡᠨᠡ ᠵᠢᠯ ᠮᠠᠨ ᠤ ᠣᠷᠣᠨ ᠰᠢᠯᠢᠮᠳᠡᠭ ᠢ ᠥᠷᠭᠡᠳᠬᠡᠨ ᠲᠠᠷᠢᠬᠤ ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠭᠤᠣᠯ ᠪᠤᠯᠬᠤ ᠠᠮᠤ ᠪᠤᠳᠠᠭ᠎ᠠ ᠪᠠ ᠲᠣᠰᠣᠯᠢᠭ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠯᠥᠨ ᠪᠤᠶᠢᠷ ᠬᠤᠲᠠ᠂ ᠭᠦᠭᠡᠬᠤᠲᠠ᠂ ᠪᠤᠭᠤᠲᠤ ᠬᠤᠲᠠ ᠳᠤ ᠰᠢᠯᠢᠮᠳᠡᠭ ᠤᠨ ᠤᠨᠠᠯᠳᠠ ᠶᠢ ᠨᠡᠮᠡᠭᠳᠡᠭᠦᠯᠬᠦ ᠮᠢᠩᠭᠠᠨ ᠮᠦ ᠶᠢᠨ 4 ᠵᠢᠱᠢᠶ᠎ᠡ ᠦᠵᠡᠭᠦᠯᠭᠦ ᠣᠷᠣᠨ ᠢ ᠪᠠᠶᠢᠭᠤᠯᠪᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠪᠦᠭᠦ ᠤᠯᠤᠰ ᠤᠨ ᠰᠢᠯᠢᠮᠳᠡᠭ ᠤᠨ ᠥᠨᠳᠥᠷ ᠤᠨᠠᠯᠲᠠ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭ᠎ᠠ ᠲᠠᠯᠠᠪᠠᠢ ᠪᠠᠷ ᠥᠨᠳᠥᠷ ᠤᠨᠠᠯᠲᠠ ᠶᠢ ᠡᠭᠦᠳᠬᠦ ᠳᠤ ᠠᠩᠬᠠᠷᠤᠯ ᠢᠶᠠᠨ ᠬᠠᠨᠳᠤᠭᠤᠯᠤᠨ᠂ ᠶᠡᠭᠡ ᠲᠠᠯᠠᠪᠠᠢ ᠪᠠᠷ ᠲᠡᠩᠴᠡᠭᠦᠷᠢᠲᠡᠢ ᠨᠡᠮᠡᠭᠳᠡᠯ ᠢ ᠳᠠᠶᠢᠴᠢᠯᠠᠵᠤ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠮᠡᠷᠭᠡᠵᠢᠯ ᠤᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠪᠦᠭᠦ ᠤᠯᠤᠰ ᠲᠤ ᠨᠡᠶᠢᠲᠡ 57 ᠵᠢᠱᠢᠶ᠎ᠡ ᠦᠵᠡᠭᠦᠯᠭᠦ ᠴᠡᠭ ᠥᠨᠳᠥᠷ ᠤᠨᠠᠯᠲᠠ ᠶᠢᠨ ᠤᠷᠤᠯᠳᠤᠭᠠᠨ ᠤ ᠬᠠᠷᠠᠯᠲᠠ ᠳᠤ ᠬᠦᠷᠴᠡᠢ᠃       ᠣᠶᠢᠯᠠᠭᠠᠭᠰᠠᠨ ᠢᠶᠠᠷ᠂ ᠮᠠᠨ ᠤ ᠣᠷᠣᠨ ᠰᠢᠯᠢᠮᠳᠡᠭ ᠤᠨ ᠥᠨᠳᠥᠷ ᠤᠨᠠᠯᠲᠠ ᠶᠢᠨ ᠮᠡᠷᠭᠡᠵᠢᠯ ᠤᠨ ᠵᠠᠭᠪᠤᠷ ᠢ ᠡᠮᠬᠢᠯᠡᠨ ᠳ᠋ᠦᠩᠨᠡᠵᠦ᠂ ᠪᠣᠯᠪᠠᠰᠤᠷᠠᠯ ᠵᠢᠯᠣᠭᠤᠳᠤᠯᠭ᠎ᠠ ᠶᠢ ᠴᠢᠭᠯᠡᠭᠦᠯᠦᠯᠲᠦ ᠴᠢᠨᠠᠷᠲᠠᠢ ᠪᠠᠷ ᠥᠷᠨᠢᠭᠦᠯᠦᠨ᠂ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠢᠳᠡᠪᠬᠢᠲᠡᠢ ᠳᠡᠯᠭᠡᠷᠡᠭᠦᠯᠵᠦ᠂ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠪᠠᠷ ᠭᠤᠣᠯ ᠪᠤᠯᠭᠠᠬᠰᠠᠨ ᠥᠨᠳᠥᠷ ᠤᠨᠠᠯᠲᠠ ᠶᠢᠨ ᠮᠡᠷᠭᠡᠵᠢᠯ ᠤᠨ ᠰᠠᠴᠤᠷᠠᠭ ᠤᠨ ᠬᠦᠷᠢᠶ᠎ᠡ ᠴᠠᠷᠠᠭ᠎ᠠ ᠶᠢ ᠪᠠᠶᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠶᠡᠭᠡ ᠬᠡᠪᠴᠢᠶ᠎ᠡ ᠪᠠᠷ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠬᠤ ᠪᠠᠷ ᠪᠤᠢ᠃   
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ