12 ᠰᠠᠷ᠎ᠠ ᠶᠢᠨ 10 ᠤ ᠡᠳᠦᠷ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠡᠪᠦᠯ ᠤᠨ | ᠤᠯᠠᠷᠢᠯ ᠤᠨ ᠠᠮᠢᠰᠬᠤᠯ ᠤᠨ ᠵᠠᠮ ᠤᠨ ᠡᠪᠡᠳᠴᠢᠨ ᠢ ᠰᠡᠷᠭᠡᠶᠢᠯᠡᠨ ᠵᠠᠰᠠᠬᠤ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | | | | | | | | | | | | ᠬᠤᠷᠠᠯ ᠳᠡᠭᠡᠷ᠎ᠡ ᠵᠠᠷᠢᠮ ᠰᠤᠷᠪᠤᠯᠵᠢᠯᠠᠭᠴᠢ᠄ ᠬᠠᠯᠳᠠᠪᠤᠷᠢᠲᠤ ᠲᠠᠭᠰᠢᠭᠤᠷ ᠤᠨ ᠸᠠᠺᠼᠢᠨ ᠠᠴᠠ ᠭᠠᠳᠠᠨ᠎ᠠ᠂ ᠡᠨᠡ ᠡᠪᠦᠯ ᠢᠷᠡᠬᠦ ᠬᠠᠪᠤᠷ ᠪᠠᠰᠠ ᠶᠠᠮᠠᠷ ᠸᠠᠺᠼᠢᠨ | ᠳᠠᠷᠢᠭᠤᠯᠪᠡᠯ ᠵᠤᠬᠢᠬᠤ ᠪᠤᠢ︖ ᠭᠡᠵᠦ ᠠᠰᠠᠭᠤᠪᠠ᠃ ᠡᠭᠦᠨ ᠤ ᠲᠤᠬᠠᠶ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠡᠷᠡᠭᠦᠯ | ᠬᠠᠮᠠᠭᠠᠯᠠᠯ ᠡᠭᠡᠯᠢᠯᠡᠭᠡ ᠶᠢᠨ ᠵᠤᠷᠭᠠᠨ ᠤ ᠳᠠᠷᠤᠭ᠎ᠠ ᠰᠢᠶᠠ ᠭᠠᠩ᠄ ᠡᠨᠡ ᠡᠪᠦᠯ ᠢᠷᠡᠬᠦ ᠬᠠᠪᠤᠷ ᠬᠠᠯᠳᠠᠪᠤᠷᠢᠲᠤ ᠲᠠᠭᠰᠢᠭᠤᠷ ᠤᠨ ᠸᠠᠺᠼᠢᠨ ᠳᠠᠷᠢᠬᠤ ᠠᠴᠠ ᠭᠠᠳᠠᠨ᠎ᠠ᠂ | ᠨᠠᠰᠤᠲᠠᠶᠢᠴᠤᠳ ᠪᠠ ᠤᠳᠠᠭᠠᠨ ᠴᠢᠨᠠᠷᠲᠠᠶ ᠰᠠᠭᠤᠷᠢ ᠡᠪᠡᠳᠴᠢᠨ ᠲᠠᠢ ᠬᠥᠮᠦᠰ ᠲᠤ ᠠᠪᠴᠤ ᠬᠡᠯᠡᠪᠡᠯ᠂ ᠪᠠᠰᠠ ᠠᠭᠤᠰᠬᠢᠨ ᠦᠷᠪᠢᠰᠦᠯ ᠤᠨ ᠪᠥᠮᠪᠥᠭᠡᠨ ᠪᠠᠺᠲ᠋ᠧᠷᠢ ᠶᠢᠨ | ᠸᠠᠺᠼᠢᠨ ᠪᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠭᠤᠯᠬᠤ ᠶᠢ ᠰᠠᠨᠠᠭᠤᠯᠤᠶ᠎ᠠ᠃ ᠬᠡᠦᠬᠡᠳ ᠲᠤ ᠠᠪᠴᠤ ᠬᠡᠯᠡᠪᠡᠯ᠂ ᠡᠭᠡᠯᠢᠯᠡᠭᠡ ᠶᠢᠨ ᠲᠥᠯᠥᠪᠵᠢᠭᠦᠯᠭᠡ ᠶᠢᠨ | ᠸᠠᠺᠼᠢᠨ ᠤ ᠲᠠᠷᠢᠯᠭ᠎ᠠ ᠶᠢ ᠦᠷᠭᠦᠯᠵᠢᠯᠡᠨ ᠰᠠᠶᠢᠲᠤᠷ ᠬᠢᠭᠰᠡᠨ ᠰᠠᠭᠤᠷᠢᠨ ᠳᠡᠭᠡᠷ᠎ᠡ ᠪᠠᠰᠠ ᠠᠭᠤᠰᠬᠢᠨ ᠦᠷᠪᠢᠰᠦᠯ ᠤᠨ ᠪᠥᠮᠪᠥᠭᠡᠨ ᠪᠠᠺᠲ᠋ᠧᠷᠢ ᠶᠢᠨ ᠸᠠᠺᠼᠢᠨ᠂ | B ᠬᠡᠯᠪᠡᠷᠢ ᠶᠢᠨ ᠬᠠᠯᠳᠠᠪᠤᠷᠢᠲᠤ ᠲᠠᠭᠰᠢᠭᠤᠷ ᠤᠨ ᠴᠢᠰᠤᠨ ᠳᠤ ᠳᠤᠷᠠᠰᠠᠭ ᠰᠠᠪᠬᠠᠨᠴᠢᠷ ᠪᠠᠺᠲ᠋ᠧᠷᠢ ᠶᠢ ᠤᠶᠠᠯᠳᠤᠭᠤᠯᠤᠭᠰᠠᠨ ᠸᠠᠺᠼᠢᠨ ᠵᠡᠷᠭᠡ ᠡᠭᠡᠯᠢᠯᠡᠭᠡ ᠶᠢᠨ | ᠲᠥᠯᠥᠪᠵᠢᠭᠦᠯᠭᠡ ᠶᠢᠨ ᠪᠤᠰᠤ ᠸᠠᠺᠼᠢᠨ ᠤ ᠲᠠᠷᠢᠯᠭ᠎ᠠ ᠲᠠᠷᠢᠭᠤᠯᠵᠤ ᠪᠣᠯᠤᠨ᠎ᠠ᠃ ᠡᠭᠡᠯᠢᠯᠡᠭᠡ ᠶᠢᠨ ᠲᠥᠯᠥᠪᠵᠢᠭᠦᠯᠭᠡ ᠶᠢᠨ ᠸᠠᠺᠼᠢᠨ ᠭᠡᠰᠡᠨ ᠥᠬᠡᠶ ᠡᠭᠡᠯᠢᠯᠡᠭᠡ ᠶᠢᠨ | ᠲᠥᠯᠥᠪᠵᠢᠭᠦᠯᠭᠡ ᠶᠢᠨ ᠪᠤᠰᠤ ᠸᠠᠺᠼᠢᠨ ᠭᠡᠰᠡᠨ ᠥᠬᠡᠶ᠂ ᠲᠠᠷᠢᠭᠤᠯᠬᠤ ᠶᠠᠪᠤᠴᠠ ᠳᠤ ᠴᠥᠮ ᠰᠡᠷᠭᠡᠶᠢᠯᠡᠬᠦ ᠲᠠᠷᠢᠯᠭ᠎ᠠ ᠶᠢᠨ ᠵᠢᠷᠤᠮᠵᠢᠯ ᠤᠨ ᠱᠠᠭᠠᠷᠳᠠᠯᠭ᠎ᠠ ᠶᠢ | ᠵᠢᠷᠤᠮᠯᠠᠬᠤ ᠬᠡᠷᠡᠭᠳᠡᠢ ᠬᠡᠵᠤ ᠬᠡᠯᠡᠪᠡ᠃ | | |