︽ᠬᠢᠮᠳᠠᠷᠠᠬᠤ ᠤᠷᠤᠰᠬᠠᠯ︾ ᠢᠷᠡᠯ᠎ᠡ︕ ᠨᠢᠭᠡ ᠮᠠᠰᠢᠨ ᠲᠡᠷᠭᠡ ᠬᠤᠳᠠᠯᠳᠤᠨ ᠠᠪᠬᠤ ᠳᠤ 20000 ᠲᠥᠭᠦᠷᠢᠭ ᠠᠷᠪᠢᠯᠡᠵᠦ ᠲᠡᠶᠢᠯᠦᠨ᠎ᠡ︕
ᠨᠡᠶᠢᠲᠡᠯᠡᠭᠰᠡᠨ ᠴᠠᠭ᠄
2023/12/13
      ᠵᠢᠯ ᠤᠨ ᠡᠴᠦᠰ ᠣᠶᠢᠷᠠᠳᠴᠤ ᠪᠠᠶᠢᠭ᠎ᠠ ᠦᠶ᠎ᠡ ᠳᠤ᠂ ᠬᠡᠷᠡᠭᠯᠡᠭᠴᠢᠳ ᠢ  ᠤᠷᠮᠠᠰᠢᠭᠤᠯᠤᠨ  ᠲᠠᠲᠠᠬᠤ ᠶᠢᠨ  ᠲᠥᠯᠥᠭᠡ᠂ ᠬᠡᠰᠡᠭ ᠮᠠᠰᠢᠨ ᠲᠡᠷᠭᠡᠨ ᠤ ᠨᠠᠷᠠᠲᠤ ᠲᠡᠮᠳᠡᠭᠲᠦ ᠳᠤ ᠮᠠᠰᠢᠨ ᠲᠡᠷᠭᠡ ᠬᠤᠳᠠᠯᠳᠤᠨ ᠠᠪᠬᠤ ᠨᠥᠬᠦᠪᠥᠷᠢ᠂ ᠬᠤᠭᠤᠴᠠᠭ᠎ᠠ  ᠬᠢᠵᠠᠭᠠᠷᠯᠠᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠬᠡᠮᠵᠢᠶ᠎ᠡ ᠠᠪᠴᠠᠶ᠃ ᠱᠠᠩᠬᠠᠶ ᠶᠢᠨ ᠨᠢᠭᠡᠨ ᠮᠠᠰᠢᠨ ᠲᠡᠷᠭᠡᠨ ᠤ  4  S  ᠳᠡᠯᠭᠡᠭᠦᠷ ᠤᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ 12 ᠰᠠᠷ᠎ᠠ ᠠᠴᠠ ᠨᠠᠭᠠᠰᠢ ᠵᠠᠬ᠎ᠠ ᠳᠡᠯᠭᠡᠭᠦᠷ ᠤᠨ ᠡᠵᠡᠯᠡᠬᠦ  ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠰ ᠨᠠᠷᠠᠲᠤ ᠲᠡᠮᠳᠡᠭᠲᠦ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠴᠥᠭᠡᠨ ᠪᠤᠰᠤ ᠬᠢᠪᠡ᠂ ᠨᠢᠭᠡᠨ ᠴᠤᠯᠤ ᠴᠠᠬᠢᠯᠭᠠᠨ  ᠲᠡᠷᠭᠡ ᠶᠢᠨ  ᠬᠠᠷᠠᠭᠠᠯᠵᠠᠯ ᠤᠨ  ᠡᠷᠴᠢᠮ ᠨᠢ  ᠨᠢᠭᠡᠨᠲᠡ  ᠬᠤᠶᠠᠷ  ᠲᠦᠮᠡᠨ  ᠲᠥᠭᠦᠷᠢᠭ ᠲᠤ ᠬᠦᠷᠴᠦ᠂ ᠣᠲᠣ ᠳᠡᠯᠭᠡᠭᠦᠷ ᠤᠨ ᠡᠳᠦᠷ ᠪᠦᠷᠢ ᠶᠢᠨ ᠳᠤᠮᠳᠠᠴᠢ ᠪᠠᠷ ᠲᠤᠰᠢᠶᠠᠨ ᠦᠭᠭᠦ ᠬᠡᠮᠵᠢᠶ᠎ᠡ ᠨᠢ 20 ᠰᠢᠬᠠᠮ  ᠪᠤᠯᠵᠠᠢ᠃ ᠡᠭᠦᠨ ᠠᠴᠠ ᠭᠠᠳᠠᠨ᠎ᠠ᠂ ᠵᠢᠯ ᠤᠨ ᠡᠴᠦᠰ ᠲᠤ ᠡᠯ᠎ᠡ ᠲᠣᠮᠣ ᠮᠠᠰᠢᠨ ᠲᠡᠷᠭᠡᠨ ᠤ ᠠᠵᠤ  ᠠᠬᠤᠶᠢᠯᠠᠯ  ᠨᠢ  ︽ᠲᠣᠰᠣ  ᠰᠢᠲᠠᠭᠠᠬᠤ ᠮᠠᠰᠢᠨ ᠲᠡᠷᠭᠡ ᠶᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠪᠤᠯᠭᠠᠨ︾ ᠰᠣᠯᠢᠬᠤ ᠲᠠᠯ᠎ᠠ ᠪᠠᠷ  ᠴᠤ  ᠬᠠᠷᠠᠭᠠᠯᠵᠠᠯ ᠦᠵᠡᠭᠦᠯᠬᠦ ᠠᠵᠢᠯᠯᠠᠭ᠎ᠠ ᠥᠷᠨᠢᠭᠦᠯᠵᠡᠶ ᠭᠡᠪᠡ᠃ ᠰᠦᠵᠧᠦ ᠶᠢᠨ ᠨᠢᠭᠡᠨ ᠰᠢᠨ᠎ᠡ ᠡᠨᠧᠷᠭᠢ ᠶᠢᠨ ᠮᠠᠰᠢᠨ  ᠲᠡᠷᠭᠡᠨ ᠤ  4  S  ᠳᠡᠯᠭᠡᠭᠦᠷ ᠲᠤ᠂ ᠲᠡᠷᠭᠡᠨ ᠤ ᠡᠵᠡᠨ ᠪᠦᠦ ᠠᠪᠤᠭᠠᠶ 6 ᠵᠢᠯ ᠪᠠᠷᠢᠬᠰᠠᠨ ᠲᠣᠰᠣ ᠰᠢᠲᠠᠭᠠᠬᠤ ᠮᠠᠰᠢᠨ ᠲᠡᠷᠭᠡ ᠪᠠᠷ ᠢᠶᠠᠨ ᠰᠢᠨ᠎ᠡ ᠡᠨᠧᠷᠭᠢ ᠶᠢᠨ ᠮᠠᠰᠢᠨ ᠲᠡᠷᠭᠡ ᠰᠤᠯᠢᠬᠤ ᠭᠡᠵᠦ ᠪᠠᠶᠢᠪᠠ᠂ ᠲᠡᠷᠡ 5000  ᠲᠥᠭᠦᠷᠢᠭ ᠤᠨ  ᠨᠥᠬᠦᠪᠥᠷᠢ  ᠭᠥᠷᠳᠡᠬᠦ  ᠪᠣᠯᠤᠨ᠎ᠠ᠃  ᠬᠠᠷᠢᠭᠤᠴᠠᠯᠭᠠᠲᠠᠨ ᠰᠤᠷᠪᠤᠯᠵᠢᠯᠠᠭᠴᠢ ᠳᠤ᠂ ᠡᠨᠡ ᠵᠢᠯ ᠤᠨ ᠲᠤᠤᠷᠠᠳᠤ ᠬᠠᠭᠠᠰ ᠵᠢᠯ ᠠᠴᠠ ᠡᠬᠢᠯᠡᠨ᠂ ᠬᠡᠷᠡᠭᠯᠡᠭᠴᠢ ᠶᠢᠨ ᠮᠠᠰᠢᠨ ᠲᠡᠷᠭᠡ ᠪᠠᠨ  ᠰᠣᠯᠢᠬᠤ ᠬᠡᠷᠡᠭᠴᠡᠭᠡ ᠮᠠᠰᠢ ᠶᠡᠭᠡ ᠪᠤᠯᠵᠤ᠂ ᠡᠭᠦᠳᠡᠨ ᠳᠡᠯᠭᠡᠭᠦᠷ ᠤᠨ ᠪᠣᠷᠣᠯᠠᠭᠤᠯᠤᠭᠰᠠᠨ 70%  ᠶᠢᠨ ᠮᠠᠰᠢᠨ ᠲᠡᠷᠭᠡ ᠨᠢ ᠴᠥᠮ  ᠲᠣᠰᠣ ᠰᠢᠲᠠᠭᠠᠬᠤ ᠮᠠᠰᠢᠨ ᠲᠡᠷᠭᠡ ᠪᠠᠷ ᠰᠢᠨ᠎ᠡ ᠡᠨᠧᠷᠭᠢ ᠶᠢᠨ ᠮᠠᠰᠢᠨ ᠲᠡᠷᠭᠡ ᠰᠤᠯᠢᠬᠰᠠᠨ ᠪᠠᠶᠢᠨ᠎ᠠ ᠭᠡᠵᠦ ᠬᠡᠯᠡᠪᠡ᠃           

12.13.1 服务.jpg

12.13.2 服务.jpg

12.13 服务.jpg

 

       ᠮᠠᠰᠢᠨ ᠲᠡᠷᠭᠡᠨ ᠤ ᠠᠵᠤ ᠠᠬᠤᠶᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠠᠴᠠ ᠭᠠᠳᠠᠨ᠎ᠠ᠂ ᠣᠯᠠᠨ

ᠭᠠᠵᠠᠷ ᠤᠨ ᠵᠠᠰᠠᠭ ᠤᠨ  ᠣᠷᠳᠣᠨ  ᠨᠢ  ᠪᠠᠰᠠ  ᠮᠠᠰᠢᠨ  ᠲᠡᠷᠭᠡ  ᠬᠤᠳᠠᠯᠳᠤᠨ  ᠠᠪᠬᠤ ᠬᠡᠷᠡᠭᠯᠡᠭᠡᠨ ᠤ ᠲᠡᠮᠳᠡᠭᠲᠦ ᠵᠡᠷᠭᠡ ᠨᠥᠬᠦᠪᠥᠷᠢ ᠶᠢᠨ ᠲᠥᠷᠥ ᠶᠢᠨ

ᠪᠣᠳᠣᠯᠭ᠎ᠠ ᠶᠢ  ᠵᠠᠯᠭᠠᠭ᠎ᠠ ᠪᠠᠷ  ᠭᠠᠷᠭᠠᠵᠠᠢ᠃  11  ᠰᠠᠷ᠎ᠠ ᠶᠢᠨ ᠰᠡᠭᠦᠯᠴᠢ ᠠᠴᠠ ᠨᠠᠭᠠᠰᠢ᠂ ᠰᠦᠵᠧᠦ ᠬᠤᠲᠠ ᠨᠢ ᠮᠠᠰᠢᠨ ᠲᠡᠷᠭᠡ ᠬᠤᠳᠠᠯᠳᠤᠨ ᠠᠪᠬᠤ ᠳᠤ

ᠪᠠᠷᠢᠮᠵᠢᠶ᠎ᠠ  ᠥᠬᠡᠶ  ᠲᠣᠭᠠᠴᠢᠯᠠᠭᠰᠠᠨ ᠠᠷᠠᠳ ᠤᠨ ᠵᠣᠭᠤᠰ ᠤᠨ ᠤᠯᠠᠭᠠᠨ ᠪᠠᠭᠯᠠᠭ᠎ᠠ ᠶᠢᠨ ᠨᠥᠬᠦᠪᠥᠷᠢ ᠭᠠᠷᠭᠠᠪᠠ᠂ ᠮᠠᠰᠢᠨ ᠲᠡᠷᠭᠡ  ᠬᠤᠳᠠᠯᠳᠤᠨ  ᠠᠪᠬᠤ 

ᠦᠨ᠎ᠡ ᠨᠢ 20 ᠲᠦᠮᠡᠨ ᠲᠥᠭᠦᠷᠢᠭ ᠠᠴᠠ 30 ᠲᠦᠮᠡᠨ ᠲᠥᠭᠦᠷᠢᠭ ᠪᠠᠶᠢᠪᠠᠯ 4000  ᠲᠥᠭᠦᠷᠢᠭ ᠤᠨ  ᠤᠯᠠᠭᠠᠨ  ᠪᠠᠭᠯᠠᠭ᠎ᠠ  ᠠᠪᠴᠤ ᠪᠣᠯᠤᠨ᠎ᠠ᠂ 30 ᠲᠦᠮᠡᠨ

ᠲᠥᠭᠦᠷᠢᠭ ᠠᠴᠠ ᠳᠡᠭᠡᠭᠰᠢ ᠪᠠᠶᠢᠪᠠᠯ 6000 ᠲᠥᠭᠦᠷᠢᠭ ᠤᠨ ᠤᠯᠠᠭᠠᠨ ᠪᠠᠭᠯᠠᠭ᠎ᠠ ᠶᠢᠨ  ᠨᠥᠬᠦᠪᠥᠷᠢ ᠠᠪᠴᠤ ᠪᠣᠯᠤᠨ᠎ᠠ᠃ 4  S  ᠳᠡᠯᠭᠡᠭᠦᠷ ᠤᠨ  ᠨᠢᠭᠡ 

ᠬᠠᠷᠢᠭᠤᠴᠠᠯᠭᠠᠲᠠᠨ  ᠰᠤᠷᠪᠤᠯᠵᠢᠯᠠᠭᠴᠢ ᠳᠤ  ᠬᠡᠯᠡᠬᠦ ᠳᠡᠭᠡᠨ᠂  ᠵᠠᠰᠠᠭ ᠤᠨ ᠣᠷᠳᠣᠨ ᠤ ᠨᠥᠬᠦᠪᠥᠷᠢ ᠳᠡᠭᠡᠷ᠎ᠡ  ᠨᠠᠷᠠᠲᠤ  ᠲᠡᠮᠳᠡᠭᠲᠦ ᠶᠢᠨ  ᠬᠠᠷᠠᠭᠠᠯᠵᠠᠯ ᠢ 

ᠨᠡᠮᠡᠭᠰᠡᠨ ᠢᠶᠠᠷ  ᠴᠥᠭᠡᠨ  ᠪᠤᠰᠤ  ᠬᠡᠷᠡᠭᠯᠡᠭᠴᠢᠳ ᠤᠷᠮᠠᠰᠢᠵᠤ ᠲᠡᠷᠭᠡ ᠵᠠᠬᠢᠶᠠᠯᠠᠪᠠ᠃ ᠡᠭᠦᠨ ᠳᠤ  20  ᠲᠦᠮᠡᠨ  ᠲᠥᠭᠦᠷᠢᠭ ᠠᠴᠠ  ᠳᠡᠭᠡᠭᠰᠢᠬᠢ  ᠲᠣᠰᠣ 

ᠰᠢᠲᠠᠭᠠᠳᠠᠭ  ᠮᠠᠰᠢᠨ ᠲᠡᠷᠭᠡᠨ ᠳᠤ  4000  ᠲᠥᠭᠦᠷᠢᠭ ᠤᠨ  ᠨᠥᠬᠦᠪᠥᠷᠢ  ᠥᠭᠴᠦ᠂  ᠰᠢᠨ᠎ᠡ  ᠡᠨᠧᠷᠭᠢ ᠶᠢᠨ  ᠮᠠᠰᠢᠨ ᠲᠡᠷᠭᠡᠨ ᠳᠤ  5000 ᠲᠥᠭᠦᠷᠢᠭ ᠤᠨ

ᠨᠥᠬᠦᠪᠥᠷᠢ ᠦᠭᠴᠦ ᠪᠤᠢ᠃ ᠱᠧᠨᠵᠧᠨ᠂ ᠵᠢᠨᠠᠨ᠂ ᠴᠠᠩᠱᠠ᠂  ᠵᠢᠶᠠ  ᠰᠢᠩ  ᠵᠡᠷᠭᠡ  ᠭᠠᠵᠠᠷ  ᠤᠨ  ᠬᠢᠨ  ᠴᠤ ᠣᠶᠢᠷ᠎ᠠ ᠳᠤ ᠮᠠᠰᠢᠨ ᠲᠡᠷᠭᠡ ᠬᠤᠳᠠᠯᠳᠤᠨ ᠠᠪᠬᠤ ᠳᠤ

ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠭᠠᠷᠭᠠᠵᠠᠶ ᠬᠡᠪᠡ᠃

 

ᠢᠷᠡᠯᠲᠡ᠄ ᠤᠷᠳᠤᠰ ᠮᠤᠩᠭᠤᠯ ᠰᠦᠯᠵᠢᠶ᠎ᠠ