ᠤᠮᠠᠷᠠᠲᠤ ᠣᠷᠣᠨ ᠤ ᠨᠠᠮᠤᠷ ᠡᠪᠦᠯ ᠤᠨ ᠤᠯᠠᠷᠢᠯ ᠳᠤ᠂ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠳᠤ ᠤᠰᠤᠨ ᠴᠣᠭᠴᠠ ᠶᠢᠨ ᠣᠷᠴᠢᠨ ᠲᠣᠭᠤᠷᠢᠨ ᠤ | ᠬᠤᠪᠢᠷᠠᠯᠲᠠ ᠶᠢ ᠠᠩᠬᠠᠷᠬᠤ ᠬᠡᠷᠡᠭᠲᠡᠢ ᠪᠥᠭᠡᠳ ᠴᠠᠭ ᠲᠤᠬᠠᠢ ᠳᠤᠨᠢ ᠤᠰᠤᠨ ᠤ ᠴᠢᠨᠠᠷ ᠢ ᠲᠣᠬᠢᠷᠠᠭᠤᠯᠤᠨ ᠡᠵᠡᠮᠳᠡᠵᠦ᠂ ᠡᠪᠦᠯ ᠣᠷᠣᠬᠤ ᠪᠡᠯᠡᠳᠬᠡᠯ ᠢ ᠰᠠᠶᠢᠲᠤᠷ ᠬᠢᠬᠦ | ᠬᠡᠷᠡᠭᠲᠡᠢ᠃ ᠴᠠᠭᠠᠨ ᠰᠢᠭᠦᠳᠡᠷᠢ ᠠᠴᠠ ᠬᠢᠷᠠᠭᠤ ᠤᠨᠠᠬᠤ ᠬᠤᠭᠤᠴᠠᠭᠠᠨ ᠳᠤ᠂ ᠠᠭᠤᠷ ᠠᠮᠢᠰᠬᠤᠯ ᠰᠡᠷᠢᠭᠦᠨ᠂ ᠲᠤᠩᠭᠠᠯᠠᠭ ᠰᠠᠶᠢᠬᠠᠨ ᠪᠠᠶᠢᠳᠠᠭ᠃ ᠨᠠᠮᠤᠷ ᠤᠨ | ᠬᠤᠭᠤᠰ ᠤᠨ ᠳᠠᠷᠠᠭ᠎ᠠ ᠬᠦᠢᠲᠡᠨ ᠠᠭᠠᠷ ᠪᠠᠶᠢᠨ ᠳᠠᠬᠢᠨ ᠡᠮᠦᠨᠡᠰᠢ ᠣᠷᠣᠵᠤ᠂ ᠳᠤᠯᠠᠭᠠᠨ ᠤ ᠬᠡᠮᠵᠢᠶ᠎ᠡ ᠪᠠ ᠲᠤᠨᠳᠠᠰᠤ ᠨᠢ ᠥᠩᠭᠡᠨ ᠳᠠᠪᠬᠤᠷᠭ᠎ᠠ ᠶᠢᠨ ᠤᠰᠤᠨ ᠤ | ᠳᠤᠯᠠᠭᠠᠨ ᠢ ᠰᠢᠷᠦᠭᠦᠨ ᠢᠶᠠᠷ ᠪᠠᠭᠤᠷᠠᠭᠤᠯᠵᠤ᠂ ᠳᠡᠭᠡᠳᠦ ᠳᠣᠣᠷᠠᠳᠤ ᠳᠠᠪᠬᠤᠷᠭ᠎ᠠ ᠶᠢᠨ ᠤᠰᠤᠨ ᠴᠣᠭᠴᠠ ᠶᠢ ᠠᠮᠠᠷᠬᠠᠨ ᠤᠷᠢᠳᠴᠢᠯᠠᠨ ᠰᠣᠯᠢᠭ ᠤᠷᠤᠰᠬᠠᠯ ᠳᠤ | ᠣᠷᠣᠭᠤᠯᠵᠤ᠂ ᠢᠷᠤᠭᠠᠷ ᠤᠨ ᠬᠡᠰᠡᠭ ᠲᠤᠨᠢ ᠬᠦᠴᠢᠯᠲᠥ᠋ᠷᠥᠭᠴᠢ ᠳᠤᠲᠠᠭᠳᠠᠬᠤ᠂ ᠬᠤᠣᠷᠲᠤ ᠪᠣᠳᠠᠰ ᠰᠢᠷᠦᠭᠦᠨ ᠨᠡᠮᠡᠭᠳᠡᠨ᠂ ᠵᠠᠮᠠᠭ ᠤᠨ ᠲᠥᠷᠥᠯ ᠤᠨ ᠰᠦᠷᠦᠭ | ᠠᠮᠠᠷᠬᠠᠨ ᠤᠰᠠᠳᠴᠤ᠂ ᠰᠢᠷᠦᠭᠦᠨ ᠬᠤᠪᠢᠷᠠᠯᠲᠠ ᠲᠠᠢ ᠴᠠᠭ ᠠᠭᠤᠷ ᠲᠤ ᠠᠮᠠᠷᠬᠠᠨ ᠵᠠᠮᠠᠭ ᠤᠨᠠᠵᠤ ᠤᠰᠤ ᠡᠷᠭᠢᠳᠡᠭ᠃ ᠮᠠᠨᠠᠨ ᠲᠠᠢ ᠡᠳᠦᠷ ᠨᠡᠮᠡᠭᠳᠡᠵᠦ᠂ ᠠᠭᠠᠷ ᠤᠨ | ᠳᠠᠷᠤᠯᠲᠠ ᠳᠣᠣᠷ᠎ᠠ ᠪᠣᠯᠪᠠᠯ ᠤᠰᠤᠨ ᠳᠤ ᠠᠮᠠᠷᠬᠠᠨ ᠬᠦᠴᠢᠯᠲᠥ᠋ᠷᠥᠭᠴᠢ ᠳᠤᠲᠠᠭᠳᠠᠬᠤ ᠪᠣᠯᠣᠨ᠎ᠠ᠂ ᠡᠨᠡ ᠦᠶ᠎ᠡ ᠳᠤ ᠤᠰᠤᠨ ᠤ ᠴᠢᠨᠠᠷ ᠢ ᠲᠣᠬᠢᠷᠠᠭᠤᠯᠤᠨ | ᠡᠵᠡᠮᠳᠡᠬᠦ ᠨᠢ ᠨᠠᠩ ᠴᠢᠬᠤᠯᠠ ᠪᠣᠯᠣᠨ᠎ᠠ᠃ | ᠭᠤᠣᠯ ᠠᠷᠭᠠᠴᠠᠬᠤ ᠠᠷᠭ᠎ᠠ᠄ ᠠᠭᠠᠷ ᠤᠨ ᠳᠤᠯᠠᠭᠠᠨ ᠪᠠᠭᠤᠷᠠᠭᠰᠠᠨ ᠠᠴᠠ ᠪᠣᠯᠵᠤ᠂ ᠮᠠᠰᠢ ᠣᠯᠠᠨ ᠴᠦᠭᠦᠷᠦᠮ ᠤᠨ ᠤᠰᠤᠨ ᠤ ᠴᠢᠨᠠᠷ ᠨᠢ ᠨᠡᠯᠢᠶᠡᠳ ᠬᠥᠩᠭᠡᠨ | ᠪᠠᠶᠢᠵᠤ᠂ ᠡᠪᠦᠯ ᠣᠷᠣᠬᠤ ᠠᠴᠠ ᠡᠮᠦᠨᠡᠬᠢ ᠵᠢᠭᠠᠰᠤᠨ ᠴᠦᠬᠦᠷᠦᠮ ᠤᠨ ᠤᠰᠤᠨ ᠤ ᠴᠢᠨᠠᠷ ᠢ ᠨᠠᠩ ᠢᠯᠡᠭᠦᠦ ᠰᠢᠮᠡᠵᠢᠬᠦᠯᠬᠦ ᠬᠡᠷᠡᠭᠲᠡᠢ᠃ ᠡᠶᠢᠮᠦ ᠠᠴᠠ ᠲᠤᠩᠭᠠᠯᠠᠭ | ᠰᠠᠶᠢᠬᠠᠨ ᠡᠳᠦᠷ ᠤᠰᠤ ᠶᠢ ᠰᠢᠮᠡᠵᠢᠭᠦᠯᠬᠦ ᠠᠵᠢᠯ ᠢ ᠬᠢᠵᠦ᠂ ᠤᠰᠤ ᠶᠢ ᠰᠢᠮᠡᠯᠢᠭ ᠮᠦᠷᠲᠡᠭᠡᠨ ᠲᠠᠭᠠᠯᠠᠮᠵᠢᠲᠠᠢ ᠪᠣᠯᠭᠠᠨ᠂ ᠬᠦᠴᠢᠯᠲᠥ᠋ᠷᠥᠭᠴᠢ ᠭᠦᠢᠴᠡᠳ | ᠠᠭᠤᠰᠬᠤ ᠶᠢ ᠪᠠᠲᠤᠯᠠᠵᠤ᠂ ᠤᠰᠤᠨ ᠤ ᠴᠢᠨᠠᠷ ᠢ ᠲᠣᠭᠲᠠᠪᠤᠷᠢᠵᠢᠭᠤᠯᠤᠨ᠎ᠠ᠃ ᠵᠢᠭᠠᠰᠤᠨ ᠴᠥᠭᠦᠷᠥᠮ ᠳᠤ ᠤᠷᠢᠳᠠᠪᠡᠷ ᠬᠢᠮᠢ ᠶᠢᠨ ᠪᠣᠷᠳᠣᠭᠤᠷ ᠢ ᠬᠡᠷᠡᠭᠯᠡᠵᠦ᠂ | ᠲᠠᠷᠠᠭ᠎ᠠ ᠪᠠᠷ ᠨᠢ ᠣᠷᠭᠠᠨᠢᠭ ᠪᠣᠷᠳᠣᠭᠤᠷ ᠢ ᠨᠦᠬᠦᠵᠦ ᠪᠣᠯᠣᠨ᠎ᠠ᠃ | ᠤᠰᠤᠨ ᠤ ᠴᠢᠨᠠᠷ ᠨᠢ ᠲᠣᠭᠲᠠᠪᠤᠷᠢ ᠦᠭᠡᠢ ᠪᠠᠶᠢᠪᠠᠯ᠂ ᠭᠡᠷᠡᠯ ᠤᠨ ᠨᠡᠶᠢᠯᠡᠯᠭᠡ ᠶᠢᠨ ᠪᠠᠺᠲ᠋ᠧᠷᠢ ᠪᠠᠷ ᠭᠤᠣᠯ ᠪᠣᠯᠭᠠᠭᠰᠠᠨ ᠪᠠᠺᠲ᠋ᠧᠷᠢ ᠶᠢᠨ ᠲᠦᠷᠦᠯ ᠢ ᠬᠡᠷᠡᠭᠯᠡᠨ | ᠤᠰᠤ ᠶᠢ ᠲᠣᠭᠲᠠᠪᠤᠷᠢᠵᠢᠭᠤᠯᠤᠨ᠎ᠠ︔ ᠤᠰᠤᠨ ᠴᠣᠭᠴᠠ ᠨᠢ ᠥᠳᠬᠡᠨ ᠪᠤᠯᠠᠩᠭᠢᠷ᠂ ᠬᠠᠷᠠᠯᠠᠭᠰᠠᠨ ᠪᠠᠶᠢᠪᠠᠯ᠂ ᠰᠫᠣᠷᠲᠦ ᠰᠠᠪᠬᠠᠨᠴᠢᠷ ᠪᠠᠺᠲ᠋ᠧᠷᠢ ᠪᠤᠶᠤ ᠰᠦᠨ | ᠬᠦᠴᠢᠯ ᠤᠨ ᠪᠠᠺᠲ᠋ᠧᠷᠢ ᠪᠠᠷ ᠭᠤᠣᠯ ᠪᠣᠯᠭᠠᠭᠰᠠᠨ ᠪᠠᠺᠲ᠋ᠧᠷᠢ ᠶᠢᠨ ᠲᠥᠷᠥᠯ ᠢᠶᠠᠷ ᠣᠷᠭᠠᠨᠢᠭ ᠡᠳ᠋ ᠢ ᠵᠠᠳᠠᠷᠠᠭᠤᠯᠤᠨ᠂ ᠤᠰᠤᠨ ᠤ ᠴᠢᠨᠠᠷ ᠢ ᠴᠡᠪᠡᠷᠰᠢᠭᠦᠯᠦᠨ᠎ᠡ᠃ 10 | ᠰᠠᠷ᠎ᠠ ᠶᠢᠨ ᠰᠡᠭᠦᠯᠴᠢ ᠪᠠᠷ ᠰᠠᠮ ᠬᠤᠷᠣᠬᠠᠢ ᠶᠢᠨ ᠴᠥᠭᠦᠷᠥᠮ ᠤᠨ ᠤᠰᠤᠨ ᠤ ᠲᠦᠪᠰᠢᠨ ᠢ ︵1.6 — 1.8m︶ ᠲᠡᠭᠡᠭᠰᠢᠯᠡᠭᠦᠯᠬᠦ ᠬᠡᠷᠡᠭᠲᠡᠢ᠂ ᠪᠣᠷᠳᠣᠭᠤᠷ | ᠤᠰᠤ ᠪᠠᠷ ᠵᠠᠮᠠᠭ ᠢ ᠬᠠᠮᠠᠭᠠᠯᠠᠬᠤ ︵ᠲᠤᠩᠭᠠᠯᠠᠭ ᠤᠨ ᠬᠡᠮᠵᠢᠶ᠎ᠡ ᠨᠢ 30 — 40cm︶ ᠬᠡᠷᠡᠭᠲᠡᠢ᠃ | |