ᠳᠠᠯᠠᠳ ᠬᠤᠰᠢᠭᠤ ᠨᠡᠶᠢᠭᠡᠮ ᠤᠨ ᠬᠡᠷᠡᠭᠯᠡᠭᠡᠨ ᠤ ᠦᠰᠦᠭ ᠪᠢᠴᠢᠭ ᠢ ᠲᠦᠷᠢᠮᠵᠢᠭᠦᠯᠵᠤ ᠪᠤᠢ
ᠨᠡᠶᠢᠲᠡᠯᠡᠭᠰᠡᠨ ᠴᠠᠭ᠄
2023/12/15
                                    ᠦᠢᠷ᠎ᠠ ᠳᠤ᠂ ᠳᠠᠯᠠᠳ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ ᠬᠤᠯᠪᠤᠬᠳᠠᠯ ᠪᠦᠬᠦᠢ ᠪᠠᠶᠢᠭᠤᠯᠭ᠎ᠠ ᠨᠢᠭᠡᠴᠢ ᠲᠠᠢ ᠬᠠᠮᠲᠤᠷᠠᠨ ᠲᠤᠰᠬᠠᠢ ᠪᠠᠶᠢᠴᠠᠭᠠᠬᠤ ᠳᠤᠭᠤᠢᠢᠯᠠᠩ ᠪᠠᠶᠢᠭᠤᠯᠵᠦ᠂ ᠬᠤᠰᠢᠭᠤᠨ ᠤ ᠭᠡᠪᠴᠢᠶᠡᠨ ᠳᠠᠬᠢ ᠬᠤᠯᠪᠤᠬᠳᠠᠯ ᠪᠦᠭᠦᠢ ᠴᠣᠩᠬᠤᠪᠴᠢ ᠦᠢᠯᠡᠴᠢᠯᠡᠭᠡᠨ ᠤ ᠪᠠᠶᠢᠭᠤᠯᠭ᠎ᠠ᠂ ᠳᠡᠯᠭᠡᠭᠦᠷ ᠬᠤᠳᠠᠯᠳᠤᠭ᠎ᠠ᠂ ᠵᠤᠭᠠᠴᠠᠯ ᠤᠨ ᠭᠠᠵᠠᠷ ᠵᠡᠷᠭᠡ ᠤᠯᠠᠨ ᠨᠡᠶᠢᠳᠡ ᠶᠢᠨ ᠲᠠᠯᠠᠪᠤᠷ ᠤᠨ ᠨᠡᠶᠢᠭᠡᠮ ᠤᠨ ᠬᠡᠷᠡᠭᠯᠡᠭᠡᠨ ᠤ ᠦᠰᠦᠭ ᠪᠢᠴᠢᠭ ᠢ ᠲᠦᠷᠢᠮᠵᠢᠭᠦᠯᠤᠨ ᠬᠡᠷᠡᠭᠯᠡᠵᠤ ᠪᠠᠶᠢᠬᠤ ᠪᠠᠶᠢᠳᠠᠯ ᠳᠤ ᠪᠠᠶᠢᠴᠠᠭᠠᠯᠳᠡ ᠬᠢᠭᠰᠡᠨ ᠪᠠᠶᠢᠨ᠎ᠠ᠃

1.15.1.jpg

     

       ᠪᠠᠶᠢᠴᠠᠭᠠᠬᠤ ᠳᠤᠭᠤᠢᠢᠯᠠᠩ ᠤᠨ ᠬᠢᠨ ᠲᠤᠬᠠᠢ ᠶᠢᠨ ᠲᠠᠯᠠᠪᠠᠢ ᠳᠤ ᠬᠦᠷᠴᠤ ᠪᠠᠶᠢᠴᠠᠭᠠᠨ ᠦᠵᠡᠵᠦ ᠲᠠᠷᠤᠢ ᠳᠤᠨᠢ ᠬᠠᠷᠢᠭᠤ ᠲᠤᠰᠬᠠᠬᠤ ᠬᠡᠯᠪᠡᠷᠢ ᠪᠠᠷ

ᠴᠣᠩᠬᠤᠪᠴᠢ ᠦᠢᠯᠡᠴᠢᠯᠡᠭᠡᠨ ᠤ ᠪᠠᠶᠢᠭᠤᠯᠭ᠎ᠠ᠂ ᠲᠡᠯᠬᠡᠬᠦᠷ ᠤᠨ ᠫᠠᠶᠢᠰᠠ ᠢᠯᠡᠷᠬᠡᠶᠢᠯᠡᠯ᠂ ᠤᠬᠠᠭᠤᠯᠭ᠎ᠠ ᠶᠢᠨ ᠰᠠᠮᠪᠠᠷ᠎ᠠ᠂ ᠵᠠᠷ ᠮᠡᠳᠡᠭᠡ ᠵᠡᠷᠭᠡ ᠨᠡᠶᠢᠭᠡᠮ ᠤᠨ

ᠬᠡᠷᠡᠭᠯᠡᠭᠡᠨ ᠤ ᠦᠰᠦᠭ ᠪᠢᠴᠢᠭ ᠤᠨ ᠳᠦᠷᠢᠮᠵᠢᠭᠰᠡᠨ ᠪᠠᠶᠢᠳᠠᠯ ᠢ ᠪᠠᠶᠢᠴᠠᠭᠠᠵᠤ᠂ ᠦᠰᠦᠭ ᠤᠨ ᠠᠯᠳᠠᠭ᠎ᠠ᠂ ᠣᠷᠴᠢᠭᠤᠯᠭ᠎ᠠ ᠶᠢᠨ ᠪᠤᠷᠤᠭᠤ ᠵᠡᠷᠭᠡ ᠲᠠᠯ᠎ᠠ ᠶᠢᠨ

ᠳᠦᠷᠢᠮᠵᠢᠭᠦᠨ ᠪᠤᠰᠤ ᠪᠠᠶᠢᠳᠠᠯ ᠢ ᠬᠠᠷᠢᠭᠤ ᠲᠤᠰᠬᠠᠨ ᠵᠠᠯᠠᠷᠠᠭᠤᠯᠵᠤ᠂ ᠪᠠᠰᠨ ᠠᠯᠳᠠᠭ᠎ᠠ ᠪᠤᠷᠤᠭᠤ ᠶᠢ ᠨᠢ ᠶᠠᠭᠠᠬᠢᠵᠤ ᠵᠠᠰᠠᠵᠤ ᠵᠠᠯᠠᠷᠠᠭᠤᠯᠬᠤ ᠲᠤᠬᠠᠢ

ᠬᠦᠯᠢᠴᠡᠩᠭᠦᠢ ᠪᠠᠷ ᠨᠠᠷᠢᠯᠢᠭ ᠰᠠᠶᠢᠬᠠᠨ ᠲᠠᠶᠢᠯᠪᠤᠷᠢᠯᠠᠵᠤ ᠦᠭᠬᠦᠭᠰᠡᠨ ᠤ ᠬᠠᠮᠳᠤ ᠦᠭᠡ ᠬᠡᠯᠡ ᠦᠰᠦᠭ ᠪᠢᠴᠢᠭ ᠤᠨ ᠬᠤᠯᠪᠤᠬᠳᠠᠯ ᠪᠦᠬᠦᠢ ᠲᠥᠷᠥ ᠶᠢᠨ ᠪᠣᠳᠣᠯᠭ᠎ᠠ

ᠬᠠᠤᠯᠢ ᠳᠦᠷᠢᠮ ᠢ ᠤᠬᠠᠭᠤᠯᠤᠨ ᠲᠠᠶᠢᠯᠪᠤᠷᠢᠯᠠᠬᠰᠡᠨ ᠪᠠᠶᠢᠨ᠎ᠠ᠃

1.15.2.jpg

      

      ᠲᠤᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠠᠳ ᠤᠯᠠᠨ ᠲᠦᠮᠡᠨ ᠤ ᠨᠡᠶᠢᠲᠡ ᠶᠢᠨ ᠦᠢᠯᠡᠴᠢᠯᠡᠭᠡᠨ ᠤ ᠭᠠᠵᠠᠷ ᠤᠨ ᠨᠡᠶᠢᠭᠡᠮ ᠤᠨ ᠬᠡᠷᠡᠭᠯᠡᠭᠡᠨ ᠤ ᠦᠭᠡ

ᠬᠡᠯᠡ ᠦᠰᠦᠭ ᠪᠢᠴᠢᠭ ᠤᠨ ᠳᠦᠷᠢᠮᠵᠢᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠨᠡᠶᠢᠭᠡᠮ ᠤᠨ ᠬᠡᠷᠡᠭᠯᠡᠭᠡᠨ ᠤ ᠦᠭᠡ ᠬᠡᠯᠡ ᠦᠰᠦᠭ

ᠪᠢᠴᠢᠭ ᠢ ᠲᠦᠷᠢᠮᠵᠢᠬᠦᠨ ᠬᠡᠷᠡᠭᠯᠡᠬᠦ ᠰᠢᠯᠢᠳᠡᠭ ᠰᠠᠶᠢᠨ ᠣᠷᠴᠢᠨ ᠠᠬᠤᠢ ᠶᠢ ᠪᠣᠢ ᠪᠣᠯᠭᠠᠵᠤ᠂ ᠪᠣᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠳᠤ ᠢᠳᠡᠪᠬᠢᠲᠡᠢ

ᠦᠢᠯᠡᠳᠦᠯ ᠦᠵᠡᠭᠦᠯᠦᠭᠰᠠᠨ ᠪᠠᠶᠢᠨ᠎ᠠ᠃

   

ᠢᠷᠡᠯᠲᠡ᠄ ᠤᠷᠳᠤᠰ ᠤᠨ ᠡᠳᠤᠷ ᠤᠨ ᠰᠤᠨᠢᠨ