11 ᠳ᠋ᠦ᠋ᠭᠡᠷ ᠰᠠᠷ᠎ᠠ ᠳᠤ ᠤᠯᠤᠰ ᠤᠨ ᠲᠡᠮᠦᠷ ᠵᠠᠮ ᠤᠨ ᠬᠢᠨ ᠨᠡᠶᠢᠲᠡ 1 ᠳ᠋ᠦᠩᠰᠢᠭᠤᠷ 7800 ᠲᠦᠮᠡᠨ ᠲᠣᠨ ᠨᠡᠭᠦᠷᠡᠰᠦ ᠵᠥᠭᠡᠭᠡᠪᠦᠷᠢᠯᠡᠵᠦ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.2% ᠪᠠᠷ ᠨᠡᠮᠡᠭᠳᠡᠵᠡᠢ
ᠨᠡᠶᠢᠲᠡᠯᠡᠭᠰᠡᠨ ᠴᠠᠭ᠄
2023/12/15
      ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠳᠤ᠂ ᠤᠯᠤᠰ ᠤᠨ ᠲᠡᠮᠦᠷ ᠵᠠᠮ  ᠤᠨ ᠬᠢᠨ ᠨᠡᠶᠢᠲᠡ 1 ᠳ᠋ᠦᠩᠰᠢᠭᠤᠷ 7800 ᠲᠦᠮᠡᠨ ᠲᠣᠨ ᠨᠡᠭᠦᠷᠡᠰᠦ ᠵᠥᠭᠡᠭᠡᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.2% ᠪᠠᠷ ᠨᠡᠮᠡᠭᠳᠡᠵᠡᠢ᠃ ᠡᠭᠦᠨ ᠳᠤ ᠴᠠᠬᠢᠯᠭᠠᠨ ᠭᠠᠷᠭᠠᠬᠤ ᠳᠤ ᠬᠡᠷᠡᠭᠯᠡᠬᠦ ᠨᠡᠭᠦᠷᠡᠰᠦ 1 ᠳ᠋ᠦᠩᠰᠢᠭᠤᠷ 3000 ᠲᠦᠮᠡᠨ ᠲᠣᠨ ᠵᠥᠭᠡᠭᠡᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15.2% ᠢᠶᠠᠷ ᠨᠡᠮᠡᠭᠳᠡᠵᠡᠢ᠃ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠲᠡᠮᠦᠷ ᠵᠠᠮ ᠳᠠᠭᠠᠤ ᠶᠢᠨ 371 ᠴᠠᠬᠢᠯᠭᠠᠨ ᠬᠠᠩᠭᠠᠬᠤ ᠦᠢᠯᠡᠳᠪᠦᠷᠢ ᠨᠡᠶᠢᠲᠡ 8627 ᠲᠦᠮᠡᠨ ᠲᠣᠨ ᠨᠡᠭᠦᠷᠡᠰᠦ ᠨᠥᠭᠡᠴᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15.2% ᠢᠶᠠᠷ ᠨᠡᠮᠡᠭᠳᠡᠵᠦ᠂ ᠲᠡᠭᠰᠢᠳᠬᠡᠭᠡᠳ 20 ᠢᠯᠡᠭᠦᠦ ᠬᠤᠨᠤᠭ ᠤᠨ ᠲᠦᠯᠡᠰᠢ ᠰᠢᠲᠠᠭᠠᠯᠭ᠎ᠠ ᠶᠢ ᠪᠠᠲᠤᠯᠠᠭᠰᠠᠨ ᠪᠠᠶᠢᠨ᠎ᠠ᠃      ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠴᠢᠶ᠎ᠠ ᠵᠥᠭᠡᠭᠡᠪᠦᠷᠢ ᠶᠢᠨ ᠭᠠᠵᠠᠷ ᠤᠨ ᠬᠠᠷᠢᠭᠤᠴᠠᠯᠭᠠᠲᠠᠨ ᠵᠢᠭᠠᠬᠤ ᠳᠠᠭᠠᠨ᠂ ᠤᠯᠤᠰ ᠤᠨ ᠲᠡᠮᠦᠷ ᠵᠠᠮ ᠤᠨ ᠨᠡᠭᠦᠷᠡᠰᠦ ᠵᠥᠭᠡᠭᠡᠪᠦᠷᠢᠯᠡᠬᠦ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠨᠢ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠭ᠎ᠠ ᠶᠢ ᠬᠠᠷᠠᠭᠤᠯᠵᠤ ᠪᠠᠶᠢᠨ᠎ᠠ᠃ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ ᠴᠠᠬᠢᠯᠭᠠᠨ ᠭᠠᠷᠭᠠᠬᠤ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠨᠡᠭᠦᠷᠡᠰᠦᠨ ᠤ ᠨᠥᠭᠡᠴᠡ ᠬᠡᠷᠡᠭᠯᠡᠭᠡᠨ ᠤ ᠪᠠᠶᠢᠳᠠᠯ ᠢ ᠨᠢᠭᠲᠠ ᠠᠩᠬᠠᠷᠴᠤ᠂ ᠡᠪᠦᠯ ᠤᠨ ᠴᠠᠬᠢᠯᠭᠠᠨ ᠬᠡᠷᠡᠭᠯᠡᠬᠦ ᠣᠷᠭᠢᠯ ᠦᠶ᠎ᠡ ᠶᠢᠨ ᠬᠠᠩᠭᠠᠯᠭ᠎ᠠ ᠶᠢ ᠪᠠᠲᠤᠯᠠᠬᠤ ᠵᠥᠭᠡᠭᠡᠪᠦᠷᠢ  ᠶᠢᠨ ᠠᠵᠢᠯ ᠢ ᠦᠨᠡᠨᠬᠦ ᠰᠠᠶᠢᠨ ᠬᠢᠵᠦ᠂ ᠠᠷᠠᠳ ᠲᠦᠮᠡᠨ ᠤ ᠳᠤᠯᠠᠭᠠᠬᠠᠨ ᠡᠪᠦᠯᠵᠢᠬᠦ ᠪᠠ ᠤᠯᠤᠰ ᠠᠷᠠᠳ ᠤᠨ ᠠᠵᠤ ᠠᠬᠤᠢ ᠶᠢᠨ ᠲᠣᠭᠲᠠᠭᠤᠨ ᠢᠶᠠᠷ ᠠᠬᠢᠬᠤ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠵᠤ ᠪᠠᠶᠢᠨ᠎ᠠ ᠭᠡᠵᠡᠢ᠃   
ᠢᠷᠡᠯᠲᠡ᠄ ᠳᠦᠪ ᠷᠠᠳᠢᠤ᠋ ᠤᠨ ᠮᠡᠳᠡᠭᠡ