ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ 9 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠪᠠ
ᠨᠡᠶᠢᠲᠡᠯᠡᠭᠰᠡᠨ ᠴᠠᠭ᠄
2023/12/15
     ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 11 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠤᠰᠤᠯᠠᠪᠠᠯ᠂ 2023 ᠣᠨ ᠳᠤ ᠪᠥᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠡᠯᠪᠡᠭ ᠬᠤᠷᠢᠶᠠᠯᠲᠠ ᠣᠯᠵᠤ᠂ ᠪᠥᠬᠦ ᠵᠢᠯ ᠤᠨ ᠠᠮᠤ ᠪᠤᠳᠠᠭᠠᠨ ᠤ ᠤᠨᠠᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠬᠦᠳᠴᠠᠢ᠃ ᠪᠦᠬᠦ ᠤᠯᠤᠰ ᠤᠨ ᠠᠮᠤ ᠪᠤᠳᠠᠭᠠᠨ ᠤ ᠶᠡᠷᠦᠩᠬᠡᠢ ᠤᠨᠠᠯᠲᠠ 13908.2 ᠳ᠋ᠦᠩᠰᠢᠭᠤᠷ ᠵᠢᠩ ᠳᠤ ᠬᠦᠷᠴᠦ᠂ ᠲᠦᠷᠦᠭᠦᠦ ᠵᠢᠯ ᠤᠨ ᠬᠢ ᠠᠴᠠ 177.6 ᠳ᠋ᠦᠩᠰᠢᠭᠤᠷ ᠵᠢᠩ ᠨᠡᠮᠡᠭᠳᠡᠵᠦ᠂ 1.3% ᠪᠠᠷ ᠨᠠᠮᠡᠭᠳᠡᠨ᠂ 9 ᠵᠢᠯ ᠳᠠᠷᠠᠭᠠᠯᠠᠨ 1. 3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠪᠠ᠃    
ᠢᠷᠡᠯᠲᠡ᠄ ᠤᠷᠳᠤᠰ ᠮᠣᠩᠭᠤᠯ ᠰᠦᠯᠵᠢᠶ᠎ᠡ