ᠰᠤᠷᠭᠠᠨ ᠬᠦᠮᠤᠵᠢᠯ ᠤᠨ ᠲᠢᠩᠬᠢᠮ ᠮᠡᠳᠡᠭᠳᠡᠯ ᠨᠡᠶᠢᠳᠠᠯᠡᠪᠡ
ᠨᠡᠶᠢᠲᠡᠯᠡᠭᠰᠡᠨ ᠴᠠᠭ᠄
2023/12/15
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠷᠤᠬᠦᠬᠡᠨ ᠮᠡᠳᠡᠭᠳᠡᠯ ᠨᠠᠶᠢᠳᠠᠯᠠᠵᠤ᠂ ᠡᠯ᠎ᠡ ᠭᠠᠵᠠᠷ ᠤᠨ ᠰᠤᠷᠭᠠᠭᠤᠯᠢ ᠨᠤᠭᠤᠳ ᠤᠨ ᠡᠪᠦᠯ ᠤᠨ ᠤᠯᠠᠷᠢᠯ ᠤᠨ ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠨ ᠬᠤᠷᠢᠭᠯᠠᠬᠤ ᠠᠵᠢᠯ ᠳᠤ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠄

12.15 教育1.png

12.15 教育2.png

    

      ᠨᠢᠭᠡ᠂ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠥᠷᠯᠥᠭᠡ ︵ᠦᠳᠡ︶ ᠶᠢᠨ ᠡᠷᠡᠬᠦᠯ ᠮᠡᠨᠳᠦ ᠶᠢᠨ ᠪᠠᠶᠢᠴᠠᠭᠠᠯᠲᠠ ᠶᠢᠨ ᠲᠥᠷᠢᠮ ᠢ ᠴᠢᠩᠭ᠎ᠠ

ᠨᠠᠶᠢᠳᠠᠪᠤᠷᠢᠵᠢᠭᠤᠯᠵᠤ᠂ ᠬᠠᠯᠳᠠᠪᠤᠷᠢᠲᠤ ᠲᠠᠭᠰᠢᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠷᠠᠭᠤᠯᠬᠤ ᠬᠡᠷᠡᠭᠲᠡᠢ᠃ ᠡᠷᠡᠭᠦᠯ ᠬᠠᠮᠠᠭᠠᠯᠠᠯ ᠤᠨ ᠲᠠᠰᠤᠭ ︵

ᠡᠷᠡᠭᠦᠯᠵᠢᠯ ᠤᠨ ᠲᠠᠰᠤᠭ︶ ᠤᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢ ᠠᠵᠢᠯᠲᠠᠨ ᠤ ᠪᠠᠨ ᠲᠤᠰᠬᠠᠢ ᠮᠡᠷᠭᠡᠵᠢᠯ ᠤᠨ ᠪᠤᠯᠪᠠᠰᠤᠷᠠᠯ ᠢ ᠴᠢᠩᠭᠠᠷᠠᠭᠤᠯᠤᠨ᠂ ᠬᠠᠯᠳᠠᠪᠤᠷᠢᠳᠤ

ᠲᠠᠭᠰᠢᠭᠤᠷ ᠢ ᠡᠮᠨᠡᠨ ᠵᠠᠰᠠᠬᠤ ᠡᠮ ᠲᠠᠩ ᠵᠡᠷᠭᠡ ᠡᠮᠴᠢᠯᠡᠭᠡᠨ ᠤ ᠡᠳ᠋ ᠪᠣᠳᠠᠰ ᠢ ᠨᠥᠭᠡᠴᠡᠯᠡᠬᠦ ᠬᠡᠷᠡᠭᠲᠡᠢ᠃ ᠪᠠᠭᠰᠢ ᠰᠤᠷᠤᠭᠴᠢᠳ ᠤᠨ ᠳᠤᠮᠳᠠ ᠬᠠᠯᠠᠭᠤᠷᠠᠬᠤ᠂ ᠬᠠᠨᠢᠶᠠᠬᠤ

ᠵᠡᠷᠭᠡ ᠬᠠᠮᠢᠶ᠎ᠠ ᠪᠦᠬᠦᠢ ᠡᠪᠡᠳᠴᠢᠨ ᠤ ᠢᠯᠡᠷᠡᠯ ᠭᠠᠷᠪᠠᠯ ᠴᠠᠭ ᠲᠤᠬᠠᠢ ᠳᠤᠨᠢ ᠡᠮᠨᠡᠭᠦᠯᠬᠦ ᠶᠢᠨ ᠬᠠᠮᠲᠤ ᠰᠤᠷᠭᠠᠭᠤᠯᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃

ᠬᠠᠯᠳᠠᠪᠤᠷᠢᠳᠤ ᠲᠠᠭᠰᠢᠭᠤᠷ ᠵᠡᠷᠬᠡ ᠳᠤ ᠨᠡᠷᠪᠡᠭᠳᠡᠭᠰᠡᠳ ᠲᠤ ᠰᠤᠷᠭᠠᠭᠤᠯᠢ ᠳᠤ ᠣᠴᠢᠵᠤ ᠠᠵᠢᠯᠯᠠᠵᠤ ᠪᠣᠶᠣ ᠰᠤᠷᠤᠯᠴᠠᠵᠤ ᠪᠣᠯᠬᠤ ᠦᠭᠡᠢ ᠭᠡᠵᠦ ᠰᠠᠨᠠᠭᠤᠯᠬᠤ ᠬᠡᠷᠡᠭᠲᠡᠢ᠃

      ᠬᠤᠶᠠᠷ᠂ ᠡᠯ᠎ᠡ ᠭᠠᠵᠠᠷ ᠤᠨ ᠰᠤᠷᠭᠠᠭᠤᠯᠢ ᠨᠤᠭᠤᠳ ᠬᠠᠯᠳᠠᠪᠤᠷᠢᠲᠤ ᠲᠠᠭᠰᠢᠭᠤᠷ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ

ᠤᠬᠠᠭᠤᠯᠵᠤ᠂ ᠰᠤᠷᠤᠭᠴᠢᠳ ᠤᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠢ ᠬᠦᠮᠤᠵᠢᠬᠦᠯᠤᠨ᠂ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ

ᠬᠠᠮᠢᠶ᠎ᠡ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃ ᠰᠤᠷᠤᠭᠴᠢᠳ ᠤᠨ ᠢᠳᠡᠭᠡᠨ ᠤᠮᠳᠠᠭᠠᠨ ᠪᠤᠶᠤ ᠠᠵᠢᠯᠯᠠᠵᠤ ᠠᠮᠠᠷᠠᠬᠤ ᠴᠠᠭ ᠢᠶᠠᠨ ᠵᠤᠬᠢᠰᠳᠠᠢ ᠲᠤᠬᠢᠷᠠᠭᠤᠯᠵᠤ᠂

ᠰᠢᠨᠵᠢᠯᠡᠬᠦ ᠤᠬᠠᠭᠠᠨᠴᠢ ᠪᠠᠷ ᠪᠡᠶ᠎ᠡ ᠶᠢᠨ ᠲᠠᠮᠢᠷ ᠤᠨ ᠬᠦᠳᠡᠯᠬᠡᠬᠡᠨ ᠳᠤ ᠤᠷᠤᠯᠴᠠᠵᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠶᠢ ᠬᠦᠳᠣᠯᠣᠨ ᠵᠢᠯᠣᠭᠤᠳᠬᠤ ᠬᠡᠷᠡᠭᠳᠡᠢ᠃

ᠰᠤᠷᠭᠠᠭᠤᠯᠢ ᠠᠴᠠ ᠰᠤᠷᠤᠭᠴᠢᠳ ᠤᠨ ᠡᠪᠡᠳᠴᠢᠯᠡᠭᠰᠡᠨ ᠬᠤᠭᠤᠴᠠᠭᠠᠨ ᠳᠤ ᠳᠠᠰᠬᠠᠯ ᠲᠠᠭᠠᠭᠠᠯᠪᠤᠷᠢ ᠪᠠᠨ ᠪᠠᠶᠠᠯᠠᠬᠦᠯᠬᠦ ᠶᠢ ᠠᠯᠪᠠᠳᠠᠨ ᠱᠠᠭᠠᠷᠳᠠᠵᠤ ᠪᠣᠯᠬᠤ ᠦᠬᠡᠢ᠂

ᠰᠤᠷᠤᠭᠴᠢᠳ ᠤᠨ ᠡᠪᠡᠳᠴᠢᠯᠡᠭᠰᠡᠨ ᠬᠤᠭᠤᠴᠠᠭᠠᠨ ᠳᠠᠬᠢ ᠲᠠᠰᠬᠠᠯ ᠲᠠᠭᠠᠭᠠᠯᠪᠤᠷᠢ ᠶᠢ ᠨᠦᠬᠦᠵᠤ ᠬᠢᠯᠬᠡᠵᠤ ᠪᠤᠯᠠᠬᠤ ᠦᠬᠡᠢ᠃ ᠰᠤᠷᠤᠭᠴᠢᠳ ᠤᠨ ᠡᠷᠡᠬᠦᠯ ᠮᠡᠨᠳᠤ ᠶᠢ

ᠬᠠᠮᠤᠭ ᠤᠨ ᠶᠡᠭᠡ ᠬᠡᠮᠵᠢᠶ᠎ᠡ ᠪᠠᠷ ᠪᠠᠳᠤᠯᠠᠬᠤ ᠬᠡᠷᠡᠭᠳᠡᠢ᠃

      ᠭᠤᠷᠪᠠ᠂ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠬᠠᠯᠳᠠᠪᠤᠷᠢᠲᠤ ᠡᠪᠡᠳᠴᠢᠨ ᠢ ᠰᠡᠷᠬᠡᠶᠢᠯᠡᠨ ᠬᠤᠷᠢᠭᠯᠠᠬᠤ ᠡᠯ᠎ᠡ ᠵᠦᠢᠯ ᠤᠨ

ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢᠶᠠᠨ ᠴᠠᠭ ᠲᠤᠬᠠᠢ ᠳᠤᠨᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠣᠯᠠᠨ

ᠨᠡᠶᠢᠲᠡ ᠶᠢᠨ ᠲᠤᠭᠤᠷᠢᠭ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠪᠠ ᠠᠷᠢᠭᠤᠳᠬᠠᠬᠤ ᠳᠦᠷᠢᠮ ᠢ ᠨᠠᠶᠢᠳᠠᠪᠤᠷᠢᠵᠢᠭᠤᠯᠤᠨ᠂ ᠢᠳᠡᠭᠡᠨ ᠪᠠ ᠤᠮᠳᠠᠭᠠᠨ ᠤ

ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠪᠠ ᠠᠮᠢᠳᠤᠷᠠᠯ ᠤᠨ ᠡᠮᠬᠢ ᠳᠢᠭᠯᠢᠮ ᠤᠨ ᠠᠮᠤᠷ ᠲᠦᠪᠰᠢᠨ ᠲᠣᠭᠲᠠᠭᠤᠨ

ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃

    

ᠢᠷᠡᠯᠲᠡ᠄ ᠤᠷᠳᠤᠰ ᠮᠤᠩᠭᠤᠯ ᠰᠦᠯᠵᠢᠶ᠎ᠡ