ᠡᠷᠳᠡᠮ ᠰᠢᠨᠵᠢᠯᠡᠭᠡᠨ ᠤ ᠮᠡᠬᠡᠯᠡᠯ ᠬᠢᠲᠡᠭ ᠨᠢᠭᠡ ᠪᠦᠯᠦᠭ ᠰᠦᠯᠵᠢᠶ᠎ᠡ ᠶᠢ ᠬᠠᠭᠠᠪᠠ︕
ᠨᠡᠶᠢᠲᠡᠯᠡᠭᠰᠡᠨ ᠴᠠᠭ᠄
2023/12/18
                                  ᠣᠶᠢᠷ᠎ᠠ ᠳᠤ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠢᠯᠡᠴᠢᠯᠡᠨ ᠮᠡᠳᠡᠭᠦᠯᠬᠦ ᠲᠥᠪ ᠰᠦᠯᠵᠢᠶᠡᠴᠢᠳ ᠤᠨ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠦᠨᠳᠦᠰᠦᠯᠡᠨ᠂ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ᠤᠨ ᠮᠡᠬᠡᠯᠡᠯ ᠳᠤ ᠬᠤᠯᠪᠣᠭᠳᠠᠭᠰᠠᠨ ᠨᠢᠭᠡ ᠪᠦᠯᠦᠭ ᠰᠦᠯᠵᠢᠶ᠎ᠡ ᠶᠢ ᠬᠠᠤᠯᠢ ᠶᠣᠰᠣᠭᠠᠷ ᠭᠥᠯᠢᠶᠡᠨ  ᠠᠪᠴᠤ  ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠢᠳᠪᠦᠷᠢᠯᠡᠵᠡᠢ᠃ ᠡᠲᠡᠭᠡᠷ ᠳᠠᠭᠤᠷᠢᠶᠠᠮᠠᠯ ᠰᠦᠯᠵᠢᠶᠡᠨ ᠤ ᠨᠢᠭᠤᠷ ᠨᠢ ᠤᠯᠤᠰ ᠤᠨ ᠳᠣᠲᠣᠭᠠᠳᠤ ᠶᠢᠨ ᠵᠠᠷᠢᠮ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠶᠢᠨ ᠡᠷᠭᠢᠯᠡᠨ ᠬᠠᠮᠢᠶᠠᠷᠴᠤ ᠪᠠᠶᠢᠭ᠎ᠠ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ᠤᠨ ᠰᠦᠯᠵᠢᠶᠡᠨ ᠤ ᠨᠢᠭᠤᠷ ᠤᠨ ᠠᠭᠤᠯᠭ᠎ᠠ ᠲᠠᠢ ᠠᠳᠠᠯᠢᠪᠲᠤᠷ ᠴᠢᠨᠠᠷ ᠢᠶᠠᠷ ᠮᠠᠰᠢ ᠥᠨᠳᠥᠷ ᠪᠠᠶᠢᠳᠠᠭ᠃ ᠡᠭᠦᠨ ᠤ ᠬᠠᠮᠲᠤ ᠲᠡᠭᠦᠨ ᠤ ᠨᠡᠷ᠎ᠡ ᠪᠠᠷ ᠡᠬᠡ ᠪᠢᠴᠢᠭ ᠪᠣᠯᠵᠣᠬᠤ ᠮᠡᠳᠡᠭᠳᠡᠯ ᠨᠡᠶᠢᠲᠡᠯᠡᠵᠦ᠂ ᠵᠣᠬᠢᠶᠠᠭᠴᠢ ᠶᠢ ᠬᠠᠭᠤᠷᠤᠨ ᠮᠡᠬᠡᠯᠡᠵᠦ ᠪᠠᠶᠢᠭᠠᠳ ᠡᠬᠡ ᠪᠢᠴᠢᠭ ᠪᠢᠴᠢᠭᠦᠯᠵᠦ᠂ ᠵᠠᠪᠰᠢᠶᠠᠨ ᠢ ᠳᠠᠯᠢᠮᠳᠠᠭᠤᠯᠤᠨ ︽ᠡᠬᠡ ᠪᠢᠴᠢᠭ ᠬᠢᠨᠠᠬᠤ ᠵᠠᠷᠤᠳᠠᠯ︾ ︽ᠬᠡᠪᠯᠡᠯ ᠤᠨ ᠨᠢᠭᠤᠷ ᠤᠨ ᠵᠠᠷᠤᠳᠠᠯ︾ ᠢ ᠬᠤᠷᠢᠶᠠᠨ ᠠᠪᠴᠤ ᠡᠳ᠋ ᠠᠰᠢᠭ ᠣᠯᠵᠤ᠂ ᠰᠦᠯᠵᠢᠶᠡᠨ ᠤ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠢ ᠬᠤᠬᠢᠷᠠᠭᠤᠯᠵᠤ᠂ ᠬᠡᠪ ᠤᠨ ᠡᠷᠳᠡᠮ ᠰᠢᠨᠵᠢᠯᠡᠭᠡᠨ ᠤ ᠥᠭᠦᠯᠡᠯ ᠤᠨ ᠬᠡᠪᠯᠡᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠨ᠎ᠠ᠃ ᠣᠲᠣ ᠬᠤᠳᠠᠯ ᠬᠠᠭᠤᠷᠮᠠᠭ ᠮᠡᠬᠡᠯᠡᠯ ᠬᠢᠲᠡᠭ ᠨᠢᠭᠡ ᠪᠦᠯᠦᠭ ᠰᠦᠯᠵᠢᠶᠡᠨ ᠤ ᠨᠡᠷᠡᠰ ᠢ ᠨᠡᠶᠢᠲᠡᠯᠡᠶ᠎ᠡ᠂ ᠥᠷᠭᠡᠨ ᠣᠯᠠᠨ ᠰᠦᠯᠵᠢᠶᠡᠨ ᠤ ᠠᠷᠠᠳ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠢᠯᠭᠠᠨ ᠲᠠᠨᠢᠬᠤ ᠶᠢ ᠠᠩᠬᠠᠷᠴᠤ᠂ ᠮᠡᠬᠡᠯᠡᠭᠳᠡᠬᠦ ᠠᠴᠠ ᠵᠠᠶᠢᠯᠠᠰᠬᠢᠬᠦ ᠶᠢ ᠬᠦᠰᠡᠵᠦ ᠪᠠᠶᠢᠨ᠎ᠠ᠃

1.png

   

   

2.png

 

3.png

default2023-12-13-4580473f71-add3-43b5-a81a-d3430bac4aee.png

 

ᠢᠷᠡᠯᠲᠡ᠄ ᠠᠷᠠᠳ ᠤᠨ ᠰᠦᠯᠵᠢᠶ᠎ᠡ