ᠪᠣᠭᠲᠣᠯᠠᠬᠤ ᠪᠡᠯᠡᠭ ᠪᠠ ᠣᠷᠣᠭᠯᠠᠬᠤ ᠰᠢᠯᠲᠠᠭ ᠢᠶᠠᠷ ᠵᠣᠭᠤᠰ ᠮᠥᠩᠭᠦ ᠡᠳ᠋ ᠪᠣᠳᠠᠰ ᠠᠪᠬᠤ ᠶᠢ ᠴᠢᠩᠭ᠎ᠠ ᠬᠤᠷᠢᠭᠯᠠᠨ᠎ᠠ
ᠨᠡᠶᠢᠲᠡᠯᠡᠭᠰᠡᠨ ᠴᠠᠭ᠄
2023/12/18
      ᠪᠣᠭᠲᠣᠯᠠᠬᠤ ᠪᠡᠯᠡᠭ ᠨᠢ ᠮᠠᠨ ᠤ ᠤᠯᠤᠰ ᠤᠨ ᠬᠤᠷᠢᠮ ᠤᠨ ᠬᠦᠷᠢᠶᠡᠨ ᠳᠠᠬᠢ ᠤᠯᠠᠮᠵᠢᠯᠠᠯᠲᠤ ᠵᠠᠩ ᠳᠠᠳᠬᠠᠯ ᠪᠣᠯᠤᠭᠰᠠᠨ ᠤ ᠬᠤᠪᠢ ᠳᠤ ᠭᠦᠨ ᠵᠤᠵᠠᠭᠠᠨ ᠨᠡᠶᠢᠭᠡᠮ ᠤᠨ ᠰᠣᠶᠣᠯ ᠤᠨ ᠰᠠᠭᠤᠷᠢ ᠲᠠᠢ ᠶᠤᠮ᠃ ᠭᠡᠪᠡᠴᠦ᠂ ᠣᠶᠢᠷ᠎ᠠ ᠶᠢᠨ ᠵᠢᠯ ᠤᠳ ᠲᠤ ᠪᠣᠭᠲᠣᠯᠠᠬᠤ ᠪᠡᠯᠡᠭ ᠤᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ᠂  ᠲᠤ ᠬᠤᠯᠪᠣᠭᠳᠠᠭᠰᠠᠨ ᠵᠢᠭᠤᠷᠠᠯᠳᠤᠭᠠᠨ ᠤ ᠬᠡᠷᠡᠭ ᠤᠨ ᠲᠤᠭ᠎ᠠ ᠬᠡᠮᠵᠢᠶ᠎ᠡ ᠨᠡᠮᠡᠭᠳᠡᠬᠦ ᠬᠠᠨᠳᠤᠰᠢ ᠲᠠᠢ ᠪᠣᠯᠵᠣ᠂ ᠴᠢᠨᠠᠭᠰᠢᠯᠠᠪᠠᠯ ᠪᠣᠭᠲᠣᠯᠠᠬᠤ ᠪᠡᠯᠡᠭ ᠪᠤᠴᠠᠭᠠᠬᠤ ᠠᠰᠠᠭᠤᠳᠠᠯ ᠠᠴᠠ ᠪᠣᠯᠤᠭᠰᠠᠨ ᠬᠦᠨᠳᠦ ᠨᠣᠴᠢᠲᠠᠶ ᠡᠷᠡᠭᠦᠦ ᠶᠢᠨ ᠬᠡᠷᠡᠭ ᠭᠠᠷᠴᠤ ᠪᠤᠢ᠃ ᠡᠶᠢᠮᠦᠷᠬᠦ ᠵᠢᠭᠤᠷᠠᠯᠳᠤᠭᠠᠨ ᠤ ᠬᠡᠷᠡᠭ ᠲᠤ ᠬᠠᠤᠯᠢ ᠴᠠᠭᠠᠵᠠ ᠶᠢ ᠬᠡᠷᠡᠭᠯᠡᠬᠦ ᠪᠠᠷᠢᠮᠵᠢᠶ᠎ᠠ ᠶᠢ ᠨᠢᠭᠡᠳᠬᠡᠬᠦ ᠶᠢᠨ ᠲᠥᠯᠥᠭᠡ᠂ ᠥᠨᠥᠳᠦᠷ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠶᠠᠪᠤᠳᠠᠯ ᠤᠨ ᠶᠠᠮᠤᠨ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠠᠮᠲᠤᠷᠠᠨ ᠰᠣᠨᠢᠨ  ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠠᠷᠠᠳ ᠤᠨ ᠰᠢᠭᠦᠬᠦ  ᠬᠤᠷᠢᠶ᠎ᠠ ᠠᠴᠠ  ᠪᠣᠭᠲᠣᠯᠠᠬᠤ  ᠪᠡᠯᠡᠭ ᠲᠤ ᠬᠤᠯᠪᠣᠭᠳᠠᠭᠰᠠᠨ ᠵᠢᠭᠤᠷᠠᠯᠳᠤᠭᠠᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ        ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠬᠢᠨ ᠲᠠᠨᠢᠯᠴᠠᠭᠤᠯᠬᠤ   ᠳᠠᠭᠠᠨ᠂ ᠪᠣᠭᠲᠣᠯᠠᠬᠤ ᠪᠡᠯᠡᠭ ᠪᠤᠴᠠᠭᠠᠬᠤ ᠨᠥᠬᠦᠴᠡᠯ ᠤᠨ ᠲᠤᠬᠠᠶ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ﹀ ᠤᠨ ᠣᠷᠤᠭ ᠬᠡᠷ ᠪᠦᠯᠢ ᠶᠢᠨ ᠨᠠᠶᠢᠷᠠᠭᠤᠯᠤᠯ ᠢ ᠬᠡᠷᠡᠭᠯᠡᠬᠦ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ ︵ᠨᠢᠭᠡ︶︾ ᠳᠤ ᠭᠤᠷᠪᠠᠨ ᠵᠦᠢᠯ ᠤᠨ ᠪᠤᠴᠠᠭᠠᠵᠤ ᠪᠣᠯᠬᠤ ᠪᠠᠶᠢᠳᠠᠯ ᠢ ᠲᠣᠭᠲᠠᠭᠠᠵᠠᠶ᠂ ᠡᠭᠦᠨ ᠳᠤ᠄ ᠣᠷᠤᠭ ᠤᠨ ᠪᠦᠷᠢᠳᠬᠡᠭᠦᠯᠦᠯᠲᠡ ᠬᠢᠭᠰᠡᠨ ᠥᠬᠡᠶ᠂ ᠣᠷᠤᠭ ᠤᠨ ᠪᠦᠷᠢᠳᠬᠡᠭᠦᠯᠦᠯᠲᠡ ᠬᠢᠭᠰᠡᠨ ᠪᠣᠯᠪᠠᠴᠤ ᠦᠨᠡᠬᠡᠷ ᠬᠠᠮᠲᠤ  ᠠᠮᠢᠳᠤᠷᠠᠭᠰᠠᠨ ᠥᠬᠡᠶ ᠵᠢᠴᠢ ᠪᠣᠭᠲᠣᠯᠠᠬᠤ ᠪᠡᠯᠡᠭ ᠥᠭᠭᠦᠭᠰᠡᠨ ᠠᠴᠠ ᠪᠣᠯᠵᠣ ᠵᠣᠭᠤᠰ ᠥᠭᠭᠦᠭᠴᠢ ᠶᠢᠨ ᠠᠮᠢᠳᠤᠷᠠᠯ ᠨᠢ ᠬᠦᠴᠢᠷᠲᠡᠶ ᠪᠣᠯᠤᠭᠰᠠᠨ ᠪᠠᠶᠢᠳᠠᠯ ᠪᠠᠭᠳᠠᠵᠤ ᠪᠤᠢ᠃ ᠭᠡᠪᠡᠴᠦ ᠪᠣᠳᠠᠲᠤ ᠠᠮᠢᠳᠤᠷᠠᠯ ᠤᠨ ᠳᠤᠮᠳᠠ ᠤᠷᠤᠭ ᠤᠨ ᠪᠦᠷᠢᠳᠬᠡᠭᠦᠯᠦᠯᠲᠡ ᠬᠢᠭᠰᠡᠨ ᠦᠭᠡᠢ ᠬᠠᠷᠢᠨ ᠲᠤᠬᠠᠢ ᠶᠢᠨ ᠭᠠᠵᠠᠷ ᠤᠨ ᠵᠠᠩ ᠳᠠᠳᠬᠠᠯ ᠶᠣᠰᠣᠭᠠᠷ ᠬᠤᠷᠢᠮ ᠬᠢᠭᠰᠡᠨ ᠪᠥᠭᠡᠳ ᠬᠠᠮᠲᠤ ᠠᠮᠢᠳᠤᠷᠠᠵᠦ ᠪᠠᠶᠢᠬᠤ ᠵᠢᠴᠢ ᠤᠷᠤᠭ ᠤᠨ ᠪᠦᠷᠢᠳᠬᠡᠭᠦᠯᠦᠯᠲᠡ ᠬᠢᠭᠰᠡᠨ ᠪᠣᠯᠪᠠᠴᠤ ᠬᠠᠮᠲᠤ ᠠᠮᠢᠳᠤᠷᠠᠬᠰᠠᠨ ᠬᠤᠭᠤᠴᠠᠭ᠎ᠠ ᠨᠢ ᠨᠡᠯᠢᠶᠡᠳ ᠣᠬᠤᠷ ᠪᠠᠶᠢᠬᠤ ᠵᠡᠷᠭᠡ ᠪᠠᠶᠢᠳᠠᠯ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ᠃ ᠡᠭᠦᠨ ᠳᠤ ᠳᠡᠭᠡᠷ᠎ᠡ ᠳᠤᠷᠠᠳᠤᠭᠰᠠᠨ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠣᠭᠲᠠᠭᠠᠯ ᠢ ᠬᠡᠷᠡᠭᠯᠡᠬᠦ ᠶᠢᠨ ᠠᠷᠭ᠎ᠠ ᠦᠭᠡᠢ ᠪᠠᠶᠢᠵᠤ᠂ ᠪᠣᠭᠲᠣᠯᠠᠬᠤ ᠪᠡᠯᠡᠭ ᠢ ᠪᠤᠴᠠᠭᠠᠬᠤ ᠡᠰᠡᠬᠦ ᠵᠢᠴᠢ ᠬᠡᠷᠬᠢᠨ ᠪᠤᠴᠠᠭᠠᠬᠤ ᠭᠡᠳᠡᠭ ᠨᠢ ᠬᠦᠴᠢᠷᠲᠡᠢ ᠠᠰᠠᠭᠤᠳᠠᠯ ᠪᠤᠯᠵᠠᠢ᠃ ᠲᠤᠰ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠨᠢ ᠰᠢᠭᠦᠨ ᠲᠠᠰᠤᠯᠬᠤ ᠦᠢᠯᠡᠳᠦᠯᠭᠡ ᠶᠢᠨ ᠳᠤᠮᠳᠠᠬᠢ ᠨᠡᠶᠢᠲᠡᠴᠢ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠭᠲᠣᠯᠠᠬᠤ ᠪᠡᠯᠡᠭ ᠲᠤ ᠬᠤᠯᠪᠣᠭᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠭᠤᠷᠪᠠᠨ ᠵᠠᠷᠴᠢᠮ ᠢ ᠲᠣᠳᠣᠷᠬᠠᠶᠢᠯᠠᠪᠠ᠄ ᠨᠢᠭᠡ ᠳᠤ ᠤᠷᠤᠭ ᠤᠨ ᠶᠠᠪᠤᠳᠠᠯ ᠢᠶᠠᠷ ᠰᠢᠯᠲᠠᠭ ᠪᠣᠯᠭᠠᠨ ᠵᠣᠭᠤᠰ ᠮᠥᠩᠭᠦ ᠡᠳ᠋ ᠪᠣᠳᠠᠰ ᠠᠪᠬᠤ ᠶᠢ ᠴᠢᠩᠭ᠎ᠠ ᠬᠤᠷᠢᠬᠯᠠᠬᠤ ᠡᠨᠡ ᠬᠦ ᠦᠨᠳᠦᠰᠦᠨ ᠵᠠᠷᠴᠢᠮ ᠢ ᠲᠣᠳᠣᠷᠬᠠᠶᠢᠯᠠᠪᠠ᠃ ᠬᠤᠶᠠᠷ ᠲᠤ ᠠᠷᠠᠳ ᠤᠨ ᠵᠠᠩ ᠳᠠᠳᠬᠠᠯ ᠢ ᠬᠦᠨᠳᠦᠳᠬᠡᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠨᠡᠶᠢᠳᠡᠮ ᠮᠡᠳᠡᠷᠡᠭᠰᠡᠨ ᠰᠠᠭᠤᠷᠢᠨ ᠳᠡᠭᠡᠷ᠎ᠡ ᠪᠣᠭᠲᠣᠯᠠᠬᠤ ᠪᠡᠯᠡᠭ ᠤᠨ ᠬᠡᠪᠴᠢᠶ᠎ᠡ ᠶᠢ ᠵᠦᠶ ᠵᠣᠬᠢᠰᠲᠠᠶ ᠮᠠᠭᠠᠳᠯᠠᠨ ᠲᠣᠭᠲᠠᠭᠠᠪᠡ᠃  ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠭᠲᠣᠯᠠᠬᠤ ᠪᠡᠯᠡᠭ ᠤᠨ ᠵᠣᠷᠢᠯᠭ᠎ᠠ ᠶᠢᠨ ᠴᠢᠨᠠᠷᠲᠠᠢ ᠣᠨᠴᠠᠯᠢᠭ ᠢ ᠭᠦᠢᠴᠡᠳ ᠪᠣᠳᠣᠯᠬᠢᠯᠠᠵᠤ᠂ ᠬᠠᠮᠲᠤ ᠠᠮᠢᠳᠤᠷᠠᠬᠤ ᠴᠠᠭ᠂ ᠣᠷᠤᠭ ᠤᠨ ᠪᠦᠷᠢᠳᠬᠡᠯ᠂ ᠦᠷ᠎ᠡ ᠬᠡᠦᠬᠡᠳ ᠢᠶᠠᠨ ᠦᠰᠭᠡᠨ ᠪᠤᠶᠢᠵᠢᠭᠤᠯᠬᠤ ᠵᠡᠷᠭᠡ ᠠᠳᠠᠯᠢ ᠪᠤᠰᠤ ᠬᠦᠴᠦᠨ ᠵᠦᠢᠯ ᠤᠨ ᠣᠷᠤᠭ ᠪᠠᠷᠢᠯᠳᠤᠬᠤ ᠡᠨᠡ ᠬᠦ ᠦᠨᠳᠦᠰᠦᠨ ᠵᠣᠷᠢᠯᠭ᠎ᠠ ᠶᠢ ᠪᠡᠶᠡᠯᠡᠭᠦᠯᠬᠦ ᠲᠠᠯ᠎ᠠ ᠪᠠᠷ ᠬᠢ ᠬᠤᠪᠢ ᠶᠢᠨ ᠵᠢᠩ ᠢ ᠪᠣᠳᠣᠯᠬᠢᠯᠠᠵᠤ᠂ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠤ ᠡᠷᠬᠡ ᠠᠰᠢᠭ ᠢ ᠵᠦᠢ ᠵᠣᠬᠢᠰᠲᠠᠢ ᠲᠡᠩᠴᠡᠭᠦᠷᠢᠲᠡᠢ ᠪᠤᠯᠭᠠᠪᠠ ᠬᠡᠵᠡᠢ᠃

1.png

2.png

 

ᠢᠷᠡᠯᠲᠡ᠄ ᠤᠷᠳᠣᠰ ᠮᠤᠩᠭᠤᠯ ᠰᠦᠯᠵᠢᠶ᠎ᠡ