ᠪᠣᠷᠣᠯᠠᠭᠤᠯᠬᠤ ᠶᠢ ᠲᠦᠷ ᠵᠣᠭᠰᠣᠭᠠᠵᠦ ᠡᠭᠡᠭᠦᠯᠦᠨ ᠠᠪᠴᠢᠷᠠᠨ᠎ᠠ︕ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2023/12/18
     ᠬᠦᠢᠵᠸᠦ ᠮᠤᠵᠢ ᠶᠢᠨ ᠢᠳᠡᠭᠡᠨ ᠪᠠ ᠡᠮ ᠲᠠᠩ ᠢ ᠰᠢᠯᠭᠠᠨ ᠪᠠᠶᠢᠴᠠᠭᠠᠬᠤ ᠭᠠᠵᠠᠷ ᠵᠡᠷᠭᠡ ᠡᠮ ᠲᠠᠩ ᠢ ᠰᠢᠯᠭᠠᠨ ᠪᠠᠶᠢᠴᠠᠭᠠᠬᠤ 4 ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠᠷ ᠳᠠᠮᠵᠢᠭᠠᠳ᠂ 4 ᠪᠦᠯᠦᠭ ᠡᠮ ᠲᠠᠩ ᠨᠢ ᠲᠣᠭᠲᠠᠭᠠᠯ ᠳᠤ ᠨᠡᠶᠢᠴᠡᠬᠦ ᠥᠬᠡᠶ ᠪᠠᠶᠢᠬᠤ ᠶᠢ ᠣᠯᠵᠤ ᠮᠡᠳᠡᠵᠡᠶ᠃ ᠣᠳᠣ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄     ᠭᠦᠢᠵᠧᠦ ᠮᠤᠵᠢ ᠶᠢᠨ ᠢᠳᠡᠭᠡᠨ ᠪᠠ ᠡᠮ ᠲᠠᠩ ᠢ ᠰᠢᠯᠭᠠᠨ ᠪᠠᠶᠢᠴᠠᠭᠠᠬᠤ ᠭᠠᠵᠠᠷ ᠤᠨ ᠰᠢᠯᠭᠠᠨ ᠪᠠᠶᠢᠴᠠᠭᠠᠯᠲᠠ ᠪᠠᠷ ᠳᠠᠮᠵᠢᠭᠠᠳ᠂ ᠴᠦᠩᠴᠢᠩ ᠤᠨ ᠵᠢᠶᠠᠩ ᠠᠨ ᠹᠠᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ ᠠᠴᠠ ᠰᠣᠩᠭᠤᠨ ᠠᠪᠤᠭᠰᠠᠨ ᠨᠢᠭᠡ ᠪᠦᠯᠦᠭ ᠤᠳᠠᠭ᠎ᠠ ᠶᠢᠨ ᠰᠠᠪᠠ ᠶᠢᠨ ᠦᠷᠪᠢᠰᠦᠯ ᠢ ᠳᠠᠷᠤᠬᠤ ᠬᠠᠪᠲᠠᠭᠠᠢ(抗宫炎片) ᠨᠢ ᠲᠣᠭᠲᠠᠭᠠᠯ ᠳᠤ ᠨᠡᠶᠢᠴᠡᠬᠦ ᠦᠭᠡᠢ ᠪᠠᠶᠢᠬᠤ ᠪᠦᠭᠡᠳ ᠲᠣᠭᠲᠠᠭᠠᠯ ᠳᠤ ᠨᠡᠶᠢᠴᠡᠬᠦ ᠦᠭᠡᠢ ᠵᠦᠢᠯᠡᠰ ᠨᠢ ᠮᠢᠺᠷᠣᠪ ᠤᠨ ᠬᠡᠮᠵᠢᠶ᠎ᠡ ᠪᠣᠯᠤᠨ᠎ᠠ᠃     ᠱᠠᠩᠬᠠᠶ ᠬᠤᠲᠠ ᠶᠢᠨ ᠢᠳᠡᠭᠡᠨ ᠪᠠ ᠡᠮ ᠲᠠᠩ ᠢ ᠰᠢᠯᠭᠠᠨ ᠪᠠᠶᠢᠴᠠᠭᠠᠬᠤ ᠰᠤᠳᠤᠯᠭᠠᠨ ᠤ  ᠬᠦᠷᠢᠶᠡᠯᠡᠩ ᠤᠨ ᠰᠢᠯᠭᠠᠨ ᠪᠠᠶᠢᠴᠠᠭᠠᠯᠲᠠ ᠪᠠᠷ ᠳᠠᠮᠵᠢᠭᠠᠳ᠂ ᠤᠯᠤᠰ ᠤᠨ ᠡᠮ ᠤᠨ ᠬᠤᠪᠢ ᠡᠵᠡᠮᠳᠡᠭᠰᠡᠨ ᠲᠢᠶᠡᠨ ᠡᠾᠧ ᠭᠢᠷᠢᠨ ᠤ ᠡᠮ ᠡᠮᠨᠡᠯᠭᠡ ᠶᠢᠨ ᠬᠢᠵᠠᠭᠠᠷᠲᠤ ᠺᠣᠮᠫᠠᠨᠢ ᠠᠴᠠ ᠰᠣᠩᠭᠤᠨ ᠠᠪᠤᠭᠰᠠᠨ ᠨᠢᠭᠡ ᠪᠦᠯᠦᠭ ᠤᠳᠠᠭ᠎ᠠ  ᠶᠢᠨ ᠲᠠ ᠺᠧ ᠮᠦᠸᠧ ᠰᠧ ᠲᠦᠷᠬᠢᠬᠦ ᠲᠤᠰᠤᠨ ᠡᠮ ︵他克莫司软膏︶ ᠨᠢ ᠲᠣᠭᠲᠠᠭᠠᠯ ᠳᠤ ᠨᠡᠶᠢᠴᠡᠬᠦ ᠥᠬᠡᠶ ᠪᠠᠶᠢᠬᠤ ᠪᠦᠭᠡᠳ ᠲᠣᠭᠲᠠᠭᠠᠯ ᠳᠤ ᠨᠡᠶᠢᠴᠡᠬᠦ ᠥᠬᠡᠶ ᠵᠦᠢᠯᠡᠰ ᠨᠢ ᠬᠤᠯᠪᠣᠭᠳᠠᠯ ᠪᠥᠬᠦᠶ ᠪᠣᠳᠠᠰ ᠪᠣᠯᠤᠨ᠎ᠠ᠃     ᠱᠧᠨᠵᠧᠨ ᠬᠤᠲᠠ ᠶᠢᠨ ᠡᠮ ᠲᠠᠩ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠰᠢᠯᠭᠠᠨ ᠪᠠᠶᠢᠴᠠᠭᠠᠯᠲᠠ ᠪᠠᠷ ᠳᠠᠮᠵᠢᠭᠠᠳ᠂ ᠴᠦᠨ ᠶᠤᠸᠠᠨ ᠲᠠᠩ ᠡᠮᠨᠡᠯᠭᠡ ᠶᠢᠨ ᠭᠠᠵᠠᠷ ᠠᠴᠠ ᠰᠣᠩᠭᠤᠨ ᠠᠪᠤᠭᠰᠠᠨ ᠨᠢᠭᠡ ᠪᠦᠯᠦᠭ ᠤᠳᠠᠭ᠎ᠠ ᠶᠢᠨ ᠬᠠᠭᠤᠷᠤᠭᠰᠠᠨ ᠬᠦᠷᠢ(炒僵蚕) ᠨᠢ ᠲᠣᠭᠲᠠᠭᠠᠯ ᠳᠤ ᠨᠡᠶᠢᠴᠡᠬᠦ ᠥᠬᠡᠶ ᠪᠠᠶᠢᠬᠤ ᠪᠦᠭᠡᠳ ᠲᠣᠭᠲᠠᠭᠠᠯ ᠳᠤ ᠨᠡᠶᠢᠴᠡᠬᠦ ᠥᠬᠡᠶ ᠵᠦᠢᠯᠡᠰ ᠨᠢ ᠶᠡᠷᠦᠩᠬᠡᠶ ᠦᠨᠡᠰᠦ ᠪᠣᠯᠤᠨ᠎ᠠ᠃

12.15 服务.jpg

   

       ᠬᠥᠬᠡᠨᠠᠭᠤᠷ ᠮᠤᠵᠢ ᠶᠢᠨ ᠡᠮ ᠲᠠᠩ ᠢ ᠰᠢᠯᠭᠠᠨ ᠪᠠᠶᠢᠴᠠᠭᠠᠬᠤ ᠬᠦᠷᠢᠶᠡᠯᠡᠩ ᠤᠨ ᠰᠢᠯᠭᠠᠨ ᠪᠠᠶᠢᠴᠠᠭᠠᠯᠲᠠ ᠪᠠᠷ ᠳᠠᠮᠵᠢᠭᠠᠳ᠂ ᠨᠠᠬᠴᠦ᠋ ᠶᠢᠨ ᠬᠤᠢ ᠮᠢᠨ

ᠡᠮᠨᠡᠯᠭᠡ ᠶᠢᠨ ᠬᠤᠷᠢᠶ᠎ᠠ ᠠᠴᠠ ᠰᠣᠩᠭᠤᠨ ᠠᠪᠤᠭᠰᠠᠨ ᠨᠢᠭᠡ ᠪᠦᠯᠦᠭ ᠤᠳᠠᠭ᠎ᠠ‌‍ᠶᠢᠨ ᠬᠠᠭᠰᠠᠭᠠᠭᠰᠠᠨ ᠰᠢᠬᠢᠷ ᠡᠪᠡᠰᠦ(炙甘草) ᠨᠢ ᠲᠣᠭᠲᠠᠭᠠᠯ ᠳᠤ

ᠨᠡᠶᠢᠴᠡᠬᠦ ᠦᠭᠡᠢ ᠪᠠᠶᠢᠬᠤ ᠪᠦᠭᠡᠳ ᠲᠣᠭᠲᠠᠭᠠᠯ ᠳᠤ ᠨᠡᠶᠢᠴᠡᠬᠦ ᠦᠭᠡᠢ ᠵᠦᠢᠯᠡᠰ ᠨᠢ ᠠᠭᠤᠯᠤᠭᠳᠠᠴᠠ ᠶᠢᠨ ᠰᠢᠯᠭᠠᠨ ᠲᠤᠬᠳᠠᠭᠠᠯᠳᠠ ᠪᠤᠯᠤᠨ᠎ᠠ᠃

     

 

ᠢᠷᠡᠯᠲᠡ᠄ ᠠᠷᠠᠳ ᠤᠨ ᠰᠥᠯᠵᠢᠶ᠎ᠠ