ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠢ ᠰᠢᠬᠠᠨ ᠡᠵᠡᠯᠡᠬᠦ ᠶᠢ ᠡᠷᠡᠰ ᠬᠤᠷᠢᠭᠯᠠᠬᠤ ᠬᠡᠷᠡᠭᠳᠡᠢ
ᠨᠡᠶᠢᠲᠡᠯᠡᠭᠰᠡᠨ ᠴᠠᠭ᠄
2023/12/18
    14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠬᠦᠳᠡᠯᠬᠡᠬᠡᠨ ᠤ ᠴᠠᠭ ᠢ ᠦᠨᠡᠨ ᠬᠦ ᠪᠠᠲᠤᠯᠠᠬᠤ ᠲᠤᠬᠠᠢ ᠮᠡᠳᠡᠭᠳᠡᠯ︾ ᠢ ᠨᠠᠶᠢᠳᠡᠯᠡᠵᠣ᠂ ᠬᠡᠪ ᠤᠨ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠤᠨ ᠬᠦᠳᠡᠯᠬᠡᠬᠡᠨ ᠤ ᠴᠠᠭ ᠢ ᠪᠠᠲᠤᠯᠠᠵᠤ᠂ ︽ᠰᠣᠷᠣᠭᠴᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ︾ ᠰᠢᠯᠲᠠᠭ ᠢᠶᠠᠷ ᠪᠠᠭᠰᠢ ᠶᠢᠨ ᠬᠢᠴᠢᠶᠡᠯ ᠤᠨ ᠵᠠᠪᠰᠡᠷᠯᠠᠭ᠎ᠠ ᠶᠢᠨ ᠠᠮᠠᠷᠠᠯᠳᠠ᠂ ᠬᠦᠳᠡᠯᠬᠡᠬᠡᠨ ᠤ ᠴᠠᠭ ᠢ ᠪᠤᠰᠤᠳ ᠠᠷᠭ᠎ᠠ ᠮᠠᠶ᠋ᠢᠭ ᠢᠶᠠᠷ ᠰᠢᠬᠠᠨ ᠡᠵᠡᠯᠡᠬᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃     ᠮᠡᠳᠡᠭᠳᠡᠯ ᠳᠤ᠂ ᠡᠯ᠎ᠡ ᠭᠠᠵᠠᠷ ᠣᠷᠣᠨ ᠤ ᠬᠢᠨ ᠬᠢᠴᠢᠶᠡᠯ ᠤᠨ ᠵᠠᠪᠰᠠᠷᠯᠠᠭ᠎ᠠ ᠶᠢᠨ ᠰᠣᠷᠣᠭᠴᠢ ᠶᠢᠨ ᠬᠠᠮᠢᠶᠠᠷᠤᠯᠲᠠ ᠶᠢ ᠴᠢᠩᠭᠠᠳᠬᠠᠨ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠰᠤᠷᠭᠠᠭᠤᠯᠢ ᠶᠢ ᠵᠢᠯᠣᠭᠤᠳᠤᠨ ᠣᠯᠠᠨ ᠶᠠᠩᠵᠤ ᠶᠢᠨ ᠪᠠ ᠥᠪᠡᠷᠮᠢᠴᠡ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠥᠷᠨᠢᠭᠦᠯᠵᠦ᠂ ᠡᠳᠦᠷ ᠪᠦᠷᠢ ᠬᠠᠭᠠᠰ ᠴᠠᠭ ᠠᠴᠠ ᠳᠡᠬᠡᠭᠰᠢ ᠵᠠᠪᠰᠠᠷᠯᠠᠭ᠎ᠠ ᠶᠢᠨ ᠲᠠᠮᠢᠷ ᠤᠨ ᠬᠥᠳᠡᠯᠭᠡᠭᠡᠨ ᠲᠣᠬᠢᠷᠠᠭᠤᠯᠬᠤ ᠶᠢ ᠪᠠᠳᠤᠯᠠᠨ᠂ ᠦᠳᠡ ᠶᠢᠨ ᠡᠮᠤᠨ᠎ᠡ᠂ ᠦᠳᠡ ᠶᠢᠨ ᠬᠤᠶᠢᠨ᠎ᠠ ᠲᠣᠰ ᠲᠣᠰ ᠨᠢᠭᠡ ᠤᠳᠠᠭ᠎ᠠ ᠨᠢᠳᠦᠨ ᠤ ᠡᠷᠡᠭᠦᠯᠵᠢᠯ ᠤᠨ ᠲᠠᠮᠢᠷ ᠲᠣᠬᠢᠷᠠᠭᠤᠯᠤᠨ᠎ᠠ︔ ᠨᠥᠬᠦᠴᠡᠯ ᠬᠦᠷᠤᠯᠴᠡᠬᠦ ᠦᠬᠡᠢ ᠰᠤᠷᠭᠠᠭᠤᠯᠢ ᠳᠤ ᠪᠣᠳᠠᠲᠠᠢ ᠠᠷᠭ᠎ᠠ ᠲᠣᠭᠲᠠᠭᠠᠵᠤ᠂ ᠬᠢᠴᠢᠶᠡᠯ ᠤᠨ ᠵᠠᠪᠰᠠᠷᠯᠠᠭ᠎ᠠ ᠶᠢᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠴᠠᠭ ᠵᠦᠷᠢᠬᠦᠯᠤᠨ ᠵᠣᠬᠢᠶᠠᠨ ᠪᠠᠶᠢᠭᠤᠯᠬᠤ ᠬᠡᠷᠡᠭᠲᠡᠢ᠃     ᠮᠡᠳᠡᠭᠳᠡᠯ ᠳᠤ᠂ ᠬᠢᠴᠢᠶᠡᠯ ᠤᠨ ᠵᠠᠪᠰᠠᠷᠯᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ᠂ ᠠᠳᠡᠯ ᠤᠨ ᠲᠤᠬᠢᠶᠠᠯᠳᠤᠮᠵᠢ ᠶᠢ ᠬᠠᠮᠤᠭ ᠤᠨ  ᠲᠤᠤᠷ᠎ᠡ ᠪᠠᠶᠢᠯᠭᠠᠬᠤ ᠬᠡᠷᠡᠭᠳᠡᠢ ᠭᠡᠵᠡᠢ᠃     ᠮᠡᠳᠡᠭᠳᠡᠯ ᠳᠤ ᠪᠠᠰᠠ᠂ ᠡᠯ᠎ᠡ ᠰᠤᠷᠭᠠᠭᠤᠯᠢ ᠨᠤᠭᠤᠳ ᠢᠳᠡᠪᠬᠢᠲᠡᠢ ᠪᠠᠷ ᠬᠠᠶᠢᠨ ᠰᠦᠪᠡᠭᠴᠢᠯᠡᠯᠲᠡ ᠪᠠ ᠲᠤᠷᠰᠢᠯᠲᠠ ᠬᠢᠵᠦ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠡᠯᠪᠡᠭ ᠪᠠᠶᠠᠯᠢᠭ ᠠᠭᠤᠯᠭ᠎ᠠ ᠲᠠᠢ ᠬᠢᠴᠢᠶᠠᠯ ᠤᠨ ᠵᠠᠪᠰᠠᠷᠯᠠᠭ᠎ᠠ ᠶᠢᠨ ᠬᠦᠳᠡᠯᠬᠡᠬᠡᠨ ᠲᠣᠬᠢᠷᠠᠭᠤᠯᠵᠤ᠂ ᠰᠤᠷᠤᠭᠴᠢᠳ ᠲᠤ ᠬᠢᠴᠢᠶᠡᠯ ᠤᠨ ᠵᠠᠪᠰᠠᠷᠯᠠᠭ᠎ᠠ ᠶᠢᠨ  ᠬᠦᠳᠡᠯᠬᠡᠬᠡᠨ ᠳᠤ  ᠤᠷᠤᠯᠴᠠᠬᠤ ᠬᠠᠪᠤ ᠴᠡᠩᠭᠡᠯ ᠢ ᠮᠡᠳᠡᠷᠡᠭᠦᠯᠬᠦ ᠬᠡᠷᠡᠭᠲᠡᠢ ᠬᠡᠵᠤ ᠲᠤᠷᠠᠳᠴᠠᠢ᠃   
ᠢᠷᠡᠯᠲᠡ᠄ ᠤᠷᠳᠤᠰ ᠮᠤᠩᠭᠤᠯ ᠰᠦᠯᠵᠢᠶ᠎ᠡ