ᠯᠠᠵᠤᠤ ᠲᠠᠷᠢᠬᠤ ᠮᠡᠷᠭᠡᠵᠢᠯ
ᠨᠡᠶᠢᠲᠡᠯᠡᠭᠰᠡᠨ ᠴᠠᠭ᠄
2023/12/20
                                ᠨᠢᠭᠡ᠂ ᠭᠤᠤᠷᠰᠤᠨ ᠤ ᠠᠮᠠᠰᠠᠷ ᠢ ᠲᠣᠬᠢᠷᠠᠭᠤᠯᠬᠤ     ᠬᠦᠢᠲᠡᠨ ᠰᠡᠷᠢᠭᠦᠨ ᠢᠳᠡᠰᠢᠨ ᠨᠣᠭᠤᠭᠠᠨ ᠤ ᠨᠢᠭᠡ ᠵᠦᠢᠯ ᠪᠣᠯᠤᠭᠰᠠᠨ ᠤ ᠬᠤᠪᠢ ᠳᠤ᠂ ᠯᠠᠵᠤᠤ ᠶᠢ ᠶᠡᠷᠦ ᠳᠡᠭᠡᠨ ᠵᠤᠨ ᠤ ᠤᠯᠠᠷᠢᠯ ᠳᠤ ᠲᠠᠷᠢᠵᠤ ᠰᠠᠭᠤᠷᠢᠰᠢᠭᠤᠯᠵᠤ ᠪᠣᠯᠬᠤ ᠦᠭᠡᠢ᠂ ᠶᠡᠷᠦ ᠳᠡᠭᠡᠨ ᠵᠠᠳᠠᠭᠠᠢ ᠭᠠᠵᠠᠷ ᠤᠨ ᠬᠠᠪᠤᠷ ᠤᠨ ᠡᠬᠢᠨ ᠤ ᠭᠤᠤᠷᠰᠤ᠂ ᠨᠠᠮᠤᠷ ᠤᠨ ᠭᠤᠤᠷᠰᠤ ᠵᠢᠴᠢ ᠬᠦᠯᠡᠮᠵᠢ ᠶᠢᠨ ᠡᠪᠦᠯᠵᠢᠬᠦ ᠭᠤᠤᠷᠰᠤ ᠭᠡᠵᠦ ᠠᠩᠭᠢᠯᠠᠳᠠᠭ᠃ ᠬᠠᠪᠤᠷ ᠤᠨ ᠡᠬᠢᠨ ᠤ ᠭᠤᠤᠷᠰᠤᠨ ᠳᠤ ᠯᠠᠵᠤᠤ ᠶᠢ ᠶᠡᠷᠦ ᠳᠡᠭᠡᠨ ᠳᠡᠭᠡᠷ᠎ᠡ ᠵᠢᠯ ᠤᠨ 12 ᠰᠠᠷ᠎ᠠ ᠠᠴᠠ ᠳᠠᠷᠠᠭ᠎ᠠ ᠵᠢᠯ ᠤᠨ 1 ᠰᠠᠷ᠎ᠠ ᠪᠣᠯᠲᠠᠯ᠎ᠠ ᠴᠢᠬᠢ ᠪᠤᠶᠢᠵᠢᠭᠤᠯᠬᠤ ᠪᠥᠭᠡᠳ 3 ᠰᠠᠷ᠎ᠠ ᠳᠤ ᠲᠠᠷᠢᠵᠤ ᠰᠠᠭᠤᠷᠢᠰᠢᠭᠤᠯᠳᠠᠭ᠃ ᠨᠠᠮᠤᠷ ᠤᠨ ᠤᠯᠠᠷᠢᠯ ᠤᠨ ᠯᠠᠵᠤᠤ ᠶᠢ ᠶᠡᠷᠦ ᠳᠡᠭᠡᠨ 5 ᠰᠠᠷ᠎ᠠ ᠠᠴᠠ 6 ᠰᠠᠷ᠎ᠠ ᠶᠢᠨ ᠬᠤᠭᠤᠷᠣᠨᠳᠤ ᠴᠢᠬᠢ ᠪᠤᠶᠢᠵᠢᠭᠤᠯᠵᠤ᠂ 7 ᠰᠠᠷ᠎ᠠ ᠳᠤ ᠲᠠᠷᠢᠵᠤ ᠰᠠᠭᠤᠷᠢᠰᠢᠭᠤᠯᠤᠨ᠎ᠠ᠃ ᠡᠪᠦᠯᠵᠢᠬᠦ ᠭᠤᠤᠷᠰᠤ ᠶᠢ ᠣᠯᠠᠩᠬᠢ ᠳᠠᠭᠠᠨ ᠨᠠᠷᠠᠪᠴᠢᠨ ᠬᠦᠯᠡᠮᠵᠢ ᠳᠤ ᠲᠠᠷᠢᠵᠤ᠂ ᠶᠡᠷᠦ ᠳᠡᠭᠡᠨ 9 ᠰᠠᠷ᠎ᠠ ᠳᠤ ᠲᠠᠷᠢᠵᠤ ᠰᠠᠭᠤᠷᠢᠰᠢᠭᠤᠯᠳᠠᠭ᠃      ᠬᠤᠶᠠᠷ᠂ ᠲᠠᠷᠢᠵᠤ ᠰᠠᠭᠤᠷᠢᠰᠢᠭᠤᠯᠬᠤ ᠴᠠᠭ ᠬᠤᠭᠤᠴᠠᠭ᠎ᠠ     ᠡᠪᠦᠯ ᠤᠨ ᠭᠤᠤᠷᠰᠤ᠂ ᠬᠠᠪᠤᠷ ᠤᠨ ᠡᠬᠢᠨ ᠤ ᠭᠤᠤᠷᠰᠤᠨ ᠳᠤ ᠯᠠᠵᠤᠤ ᠲᠠᠷᠢᠵᠤ ᠰᠠᠭᠤᠷᠢᠰᠢᠭᠤᠯᠬᠤ ᠳᠠᠭᠠᠨ ᠲᠤᠩᠭᠠᠯᠠᠭ ᠡᠳᠦᠷ ᠤᠨ ᠦᠳᠡ ᠶᠢᠨ ᠡᠮᠦᠨ᠎ᠡ ᠶᠢ ᠰᠤᠩᠭᠤᠵᠤ᠂ ᠨᠠᠮᠤᠷ ᠤᠨ ᠭᠤᠤᠷᠰᠤᠨ ᠳᠤ ᠯᠠᠵᠤᠤ ᠲᠠᠷᠢᠵᠤ ᠰᠠᠭᠤᠷᠢᠰᠢᠭᠤᠯᠬᠤ ᠶᠢ ᠪᠦᠷᠬᠦᠭ ᠡᠳᠦᠷ ᠪᠤᠶᠤ ᠦᠳᠡᠰᠢ ᠶᠢᠨ ᠦᠶ᠎ᠡ ᠶᠢ ᠰᠤᠩᠭᠤᠬᠤ ᠬᠡᠷᠡᠭᠲᠡᠢ᠃      ᠭᠤᠷᠪᠠ᠂ ᠲᠠᠷᠢᠵᠤ ᠰᠠᠭᠤᠷᠢᠰᠢᠭᠤᠯᠬᠤ ᠨᠢᠭᠲᠠᠴᠠ      ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ᠂ ᠳᠠᠷᠢᠬᠤ ᠳᠠᠳᠬᠠᠯ᠂ ᠲᠡᠭᠦᠵᠦ ᠬᠤᠷᠢᠶᠠᠬᠤ ᠴᠠᠭ ᠤᠨ ᠣᠷᠳᠣ ᠣᠬᠤᠷ᠂ ᠦᠢᠯᠡᠳᠪᠦᠷᠢᠯᠡᠯ ᠤᠨ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠵᠦ ᠲᠣᠭᠲᠠᠭᠠᠨ᠎ᠠ᠃ ᠶᠡᠷᠦ ᠳᠡᠭᠡᠨ ᠳᠠᠯᠠᠩ ᠪᠦᠷᠢ ᠳᠤ ᠬᠤᠶᠠᠷ ᠮᠥᠷ ᠢᠶᠠᠷ ᠲᠠᠷᠢᠵᠤ ᠰᠠᠭᠤᠷᠢᠰᠢᠭᠤᠯᠬᠤ ᠠᠷᠭ᠎ᠠ ᠶᠢ ᠬᠡᠷᠡᠭᠯᠡᠵᠦ᠂ ᠰᠠᠭᠤᠷᠢ ᠶᠢᠨ ᠵᠠᠢ ᠶᠢ 35~40 ᠰᠠᠨᠲ᠋ᠢᠮᠧᠳ᠋ᠷ᠂ ᠮᠥᠷ ᠤᠨ ᠵᠠᠢ ᠶᠢ 60~65 ᠰᠠᠨᠲ᠋ᠢᠮᠧᠳ᠋ᠷ᠂ ᠮᠦ ᠪᠦᠷᠢ ᠳᠤ ᠳᠤᠮᠳᠠᠴᠢ ᠪᠠᠷ 3000~3500 ᠰᠠᠭᠤᠷᠢ ᠲᠠᠷᠢᠵᠤ ᠰᠠᠭᠤᠷᠢᠰᠢᠭᠤᠯᠤᠨ᠎ᠠ᠃ ᠡᠭᠦᠨ ᠤ ᠬᠠᠮᠲᠤ ᠪᠠᠰᠠ ᠲᠦᠷᠦᠯ ᠵᠦᠢᠯ ᠤᠨ ᠤᠷᠭᠤᠴᠠ ᠶᠢᠨ ᠪᠠᠶᠢᠳᠠᠯ ᠪᠠ ᠲᠠᠷᠢᠮᠠᠯ ᠤᠨ ᠭᠤᠤᠷᠰᠤ ᠶᠢᠨ ᠠᠮᠠᠰᠠᠷ ᠢ ᠦᠨᠳᠦᠰᠦᠯᠡᠨ ᠲᠠᠷᠢᠮᠠᠯ ᠤᠨ ᠨᠢᠭᠲᠠᠴᠠ ᠶᠢ ᠵᠣᠬᠢᠰᠲᠠᠢ ᠲᠣᠬᠢᠷᠠᠭᠤᠯᠵᠤ ᠪᠣᠯᠣᠨ᠎ᠠ᠃       ᠳᠥᠷᠪᠡ᠂ ᠲᠠᠷᠢᠵᠤ ᠰᠠᠭᠤᠷᠢᠰᠢᠭᠤᠯᠬᠤ ᠰᠢᠢᠳᠪᠦᠷᠢᠯᠡᠯᠲᠡ       ᠲᠠᠷᠢᠵᠤ ᠰᠠᠭᠤᠷᠢᠰᠢᠭᠤᠯᠬᠤ ᠳᠠᠭᠠᠨ ᠦᠨᠳᠦᠰᠦ ᠤᠷᠭᠤᠭᠤᠯᠬᠤ ᠡᠮ᠂ 30% ᠶᠢᠨ ᠤᠺᠰᠠᠮᠢᠳᠢᠨ ᠤᠰᠤᠨ ᠡᠮ 1200~1500 ᠳᠠᠬᠢᠨ ᠤ ᠰᠢᠩᠭᠡᠨ᠂ 25% ᠶᠢᠨ ᠣᠷᠢᠶᠠᠨ ᠰᠢᠪᠲᠦᠷᠲᠦ ᠵᠡᠰ ᠤᠨ ᠤᠰᠤᠨ ᠡᠮ 400~600 ᠳᠠᠬᠢᠨ ᠤ ᠰᠢᠩᠭᠡᠨ ᠢ ᠬᠠᠷᠢᠴᠠᠯ ᠲᠠᠢ ᠪᠠᠷ ᠤᠰᠤ ᠬᠤᠯᠢᠵᠤ ᠰᠢᠩᠭᠡᠯᠡᠭᠡᠳ ᠬᠤᠯᠢᠮᠠᠭ ᠡᠮ ᠤᠨ ᠠᠭᠤᠰᠤᠮᠠᠯ ᠪᠣᠯᠭᠠᠨ᠎ᠠ᠂ ᠦᠨᠳᠦᠰᠦ ᠶᠢᠨ ᠬᠡᠰᠡᠭ ᠢᠶᠠᠨ ᠰᠢᠩᠭᠡᠨ ᠳᠤ ᠲᠦᠷᠬᠢᠭᠰᠡᠨ ᠤ ᠳᠠᠷᠠᠭ᠎ᠠ ᠲᠠᠷᠢᠵᠤ ᠰᠠᠭᠤᠷᠢᠰᠢᠭᠤᠯᠬᠤ ᠨᠦᠬᠡᠨ ᠳᠤ ᠬᠢᠵᠦ᠂ ᠲᠠᠷᠢᠵᠤ ᠰᠠᠭᠤᠷᠢᠰᠢᠭᠤᠯᠬᠤ ᠭᠦᠨ ᠤ ᠬᠡᠮᠵᠢᠶ᠎ᠡ ᠶᠢ ᠲᠡᠭᠰᠢᠯᠡᠪᠡᠯ ᠵᠣᠬᠢᠨ᠎ᠠ᠂ ᠲᠠᠷᠢᠵᠤ ᠰᠠᠭᠤᠷᠢᠰᠢᠭᠤᠯᠤᠭᠰᠠᠨ ᠤ ᠳᠠᠷᠠᠭ᠎ᠠ ᠴᠠᠭ ᠲᠤᠬᠠᠢ ᠳᠤᠨᠢ ᠤᠰᠤᠯᠠᠬᠤ ᠬᠡᠷᠡᠭᠲᠡᠢ᠃
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ