ᠡᠪᠦᠯ ᠤᠨ ᠤᠯᠠᠷᠢᠯ ᠳᠤ ᠠᠯᠠᠰᠢᠨ ᠬᠤᠨᠢ ᠶᠢ ᠲᠡᠵᠢᠭᠡᠨ ᠬᠠᠮᠢᠶᠠᠷᠬᠤ ᠮᠡᠷᠭᠡᠵᠢᠯ
ᠨᠡᠶᠢᠲᠡᠯᠡᠭᠰᠡᠨ ᠴᠠᠭ᠄
2023/12/20
      ᠨᠢᠭᠡ᠂ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠬᠡᠷᠡᠭᠲᠡᠢ᠃ ᠡᠪᠦᠯ ᠤᠨ ᠤᠯᠠᠷᠢᠯ ᠳᠤ ᠬᠤᠨᠢᠨ ᠤ ᠫᠧᠩ ᠰᠠᠷᠠᠪᠴᠢ ᠶᠢᠨ ᠡᠭᠦᠳᠡ ᠴᠣᠩᠬᠤ ᠶᠢ ᠰᠦᠯᠢᠶᠥᠦ ᠪᠦᠷᠬᠦᠭᠦᠯ ᠢᠶᠠᠷ ᠪᠢᠲᠡᠭᠦᠮᠵᠢᠯᠡᠵᠦ᠂ ᠰᠥᠨᠢ ᠳᠡᠭᠡᠨ ᠡᠪᠡᠰᠦᠨ ᠣᠷᠬᠢᠭᠤᠯ ᠡᠯᠭᠦᠵᠦ᠂ ᠭᠠᠵᠠᠷ ᠤᠨ ᠭᠠᠳᠠᠷᠭᠤ ᠶᠢ ᠬᠠᠭᠤᠷᠠᠢ ᠪᠥᠭᠡᠳ ᠬᠥᠯᠳᠡᠬᠦ ᠦᠭᠡᠢ ᠪᠠᠶᠢᠯᠭᠠᠵᠤ᠂ ᠵᠢᠬᠡᠭᠦᠨ ᠴᠢᠭᠢᠭᠯᠢᠭ ᠨᠦᠢᠲᠠᠨ ᠪᠠᠶᠢᠬᠤ ᠠᠴᠠ ᠰᠡᠷᠭᠡᠶᠢᠯᠡᠨ᠎ᠡ᠃ ᠬᠤᠨᠢᠨ ᠤ ᠰᠠᠷᠠᠪᠴᠢ ᠶᠢᠨ ᠳᠤᠯᠠᠭᠠᠨ ᠤ ᠬᠡᠮᠵᠢᠶ᠎ᠡ ᠶᠢ 0℃ ᠠᠴᠠ ᠳᠡᠭᠡᠭᠰᠢ ᠪᠠᠶᠢᠯᠭᠠᠵᠤ᠂ ᠬᠤᠷᠠᠭ᠎ᠠ ᠶᠢᠨ ᠰᠠᠷᠠᠪᠴᠢ ᠶᠢᠨ ᠳᠤᠯᠠᠭᠠᠨ ᠤ ᠬᠡᠮᠵᠢᠶ᠎ᠡ ᠶᠢ 8℃ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠲᠦᠷᠦᠯᠲᠡ ᠶᠢᠨ ᠬᠤᠷᠢᠶᠠᠨ ᠤ ᠳᠤᠯᠠᠭᠠᠨ ᠤ ᠬᠡᠮᠵᠢᠶ᠎ᠡ ᠶᠢ 10℃ ᠠᠴᠠ ᠳᠡᠭᠡᠭᠰᠢ ᠪᠠᠶᠢᠯᠭᠠᠨ᠎ᠠ᠃       ᠬᠤᠶᠠᠷ᠂ ᠴᠠᠭ ᠲᠤᠬᠠᠢ ᠳᠤᠨᠢ ᠲᠡᠵᠢᠭᠡᠯ ᠪᠣᠷᠳᠤᠭ᠎ᠠ ᠨᠦᠬᠦᠪᠦᠷᠢᠯᠡᠬᠦ ᠬᠡᠷᠡᠭᠲᠡᠢ᠃ ᠬᠤᠨᠢᠨ ᠰᠦᠷᠦᠭ ᠤᠨ ᠡᠪᠦᠯᠵᠢᠬᠦ ᠡᠪᠡᠰᠦ ᠪᠣᠷᠳᠤᠭ᠎ᠠ ᠶᠢ ᠭᠦᠢᠴᠡᠳ ᠪᠡᠯᠡᠳᠬᠡᠵᠦ᠂ ᠲᠡᠵᠢᠭᠡᠯ ᠡᠪᠡᠰᠦ ᠶᠢ ᠳᠠᠷᠤᠰᠢᠭᠤᠯᠤᠭᠰᠠᠨ ᠪᠣᠷᠳᠤᠭ᠎ᠠ᠂ ᠬᠤᠵᠢᠷᠯᠢᠭ ᠡᠪᠡᠰᠦ᠂ ᠴᠠᠷᠭᠠᠰᠤ ᠵᠡᠷᠭᠡ ᠪᠠᠷ ᠨᠥᠭᠡᠴᠡᠯᠡᠵᠦ᠂ ᠬᠠᠭᠠᠰ ᠡᠳᠦᠷ ᠬᠠᠷᠢᠭᠤᠯᠬᠤ ᠳᠤ ᠬᠠᠭᠠᠰ ᠡᠳᠦᠷ ᠲᠡᠵᠢᠭᠡᠯ ᠨᠥᠬᠦᠪᠦᠷᠢᠯᠡᠵᠦ᠂ ᠬᠤᠨᠢ ᠪᠦᠷᠢ ᠳᠤ ᠡᠳᠦᠷ ᠲᠤ 0.2 - 0.3 ᠺᠢᠯᠣᠭ᠍ᠷᠠᠮ ᠨᠠᠷᠢᠯᠢᠭ ᠪᠣᠷᠳᠤᠭ᠎ᠠ ᠨᠥᠬᠦᠪᠦᠷᠢᠯᠡᠬᠦ ᠶᠢᠨ ᠬᠠᠮᠲᠤ ᠨᠠᠷᠢᠯᠢᠭ ᠪᠣᠷᠳᠤᠭ᠎ᠠ ᠳᠤ 0.3% ᠶᠢᠨ ᠳᠠᠪᠤᠰᠤ ᠪᠠ ᠵᠣᠬᠢᠬᠤ ᠬᠡᠮᠵᠢᠶᠡᠨ ᠤ ᠡᠷᠦᠳᠡᠰᠦ᠂ ᠸᠢᠲ᠋ᠠᠮᠢᠨ᠂ ᠪᠢᠴᠢᠯ ᠡᠯᠧᠮᠧᠨ᠋ᠲ ᠢ ᠨᠡᠮᠡᠵᠦ ᠣᠷᠣᠭᠤᠯᠤᠨ᠎ᠠ︔ ᠬᠤᠴᠠ᠂ ᠬᠡᠭᠡᠭᠡᠯᠢ ᠲᠠᠢ ᠡᠮ᠎ᠡ ᠬᠤᠨᠢ᠂ ᠬᠤᠷᠠᠭᠠᠨ ᠳᠤ ᠡᠳᠦᠷ ᠪᠦᠷᠢ ᠬᠤᠯᠤᠤᠪᠠᠩ᠂ ᠨᠣᠭᠤᠭ᠎ᠠ ᠶᠢᠨ ᠨᠠᠪᠴᠢ ᠪᠤᠶᠤ ᠳᠠᠷᠤᠰᠢᠭᠤᠯᠤᠭᠰᠠᠨ ᠪᠣᠷᠳᠤᠭ᠎ᠠ ᠨᠡᠮᠡᠵᠦ ᠥᠭᠭᠦᠨ᠎ᠡ᠃       ᠭᠤᠷᠪᠠ᠂ ᠪᠦᠯᠢᠶᠡᠨ ᠤᠰᠤ ᠭᠦᠢᠴᠡᠳ ᠤᠤᠭᠤᠯᠭᠠᠬᠤ ᠬᠡᠷᠡᠭᠲᠡᠢ᠃ ᠡᠪᠦᠯ ᠤᠨ ᠤᠯᠠᠷᠢᠯ ᠳᠤ ᠡᠪᠡᠰᠦ ᠪᠣᠷᠳᠤᠭ᠎ᠠ ᠠᠮᠲᠠ ᠰᠢᠮᠳᠠ ᠦᠭᠡᠢ ᠪᠣᠯᠬᠤᠷ ᠬᠤᠨᠢ ᠢᠮᠠᠭᠠᠨ ᠤ ᠤᠰᠤ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠶᠡᠷᠦ ᠳᠡᠭᠡᠨ ᠡᠳᠦᠷ ᠪᠦᠷᠢ ᠶᠢᠨ ᠦᠳᠡ ᠶᠢᠨ ᠬᠤᠶᠢᠨᠠᠬᠢ 2 ᠴᠠᠭ ᠲᠤ ᠨᠢᠭᠡ ᠤᠳᠠᠭ᠎ᠠ ᠤᠰᠤᠯᠠᠵᠤ᠂ ᠣᠷᠣᠢ ᠲᠡᠵᠢᠭᠡᠭᠰᠡᠨ ᠤ ᠳᠠᠷᠠᠭ᠎ᠠ ᠳᠠᠬᠢᠨ ᠨᠢᠭᠡ ᠤᠳᠠᠭ᠎ᠠ ᠤᠰᠤᠯᠠᠨ᠎ᠠ᠂ ᠤᠰᠤᠨ ᠤ ᠳᠤᠯᠠᠭᠠᠨ ᠨᠢ 20℃ ᠣᠷᠴᠢᠮ᠂ ᠤᠰᠤᠨ ᠳᠣᠲᠣᠷ᠎ᠠ 0.3% ᠶᠢᠨ ᠢᠳᠡᠭᠡᠨ ᠤ ᠳᠠᠪᠤᠰᠤ ᠨᠡᠮᠡᠵᠦ ᠪᠣᠯᠣᠨ᠎ᠠ᠃      ᠳᠥᠷᠪᠡ᠂ ᠬᠡᠭᠡᠭᠡᠯᠢ ᠬᠠᠮᠠᠭᠠᠯᠠᠬᠤ ᠶᠢ ᠠᠩᠬᠠᠷᠬᠤ ᠬᠡᠷᠡᠭᠲᠡᠢ᠃ ᠬᠡᠭᠡᠭᠡᠯᠢ ᠲᠠᠢ ᠡᠮ᠎ᠡ ᠬᠤᠨᠢ ᠶᠢ ᠬᠤᠴᠠ ᠠᠴᠠ ᠰᠠᠯᠭᠠᠨ ᠲᠡᠵᠢᠭᠡᠵᠦ᠂ ᠬᠤᠴᠠᠨ ᠤ ᠳᠠᠭᠠᠬᠤ ᠪᠠ ᠳᠠᠪᠠᠭ᠋ᠤ ᠠᠴᠠ ᠰᠡᠷᠭᠡᠶᠢᠯᠡᠬᠦ ᠬᠡᠷᠡᠭᠲᠡᠢ᠃ ᠰᠢᠮ᠎ᠡ ᠲᠡᠵᠢᠭᠡᠯ ᠤᠨ ᠬᠠᠩᠭᠠᠯᠭ᠎ᠠ ᠶᠢ ᠪᠠᠲᠤᠯᠠᠬᠤ ᠠᠴᠠ ᠭᠠᠳᠠᠨ᠎ᠠ ᠪᠠᠰᠠ ᠬᠡᠭᠡᠭᠡᠯᠢ ᠬᠠᠶᠠᠬᠤ ᠶᠢ ᠮᠧᠬᠠᠨᠢᠭ ᠢᠶᠠᠷ ᠴᠢᠩᠭ᠎ᠠ ᠰᠡᠷᠭᠡᠶᠢᠯᠡᠵᠦ᠂ ᠮᠠᠯ ᠬᠠᠷᠢᠭᠤᠯᠬᠤ ᠳᠠᠭᠠᠨ ᠦᠷᠭᠦᠭᠡᠵᠦ ᠰᠣᠴᠢᠭᠠᠬᠤ ᠶᠢ ᠰᠡᠷᠭᠡᠶᠢᠯᠡᠵᠦ᠂ ᠠᠯᠭᠤᠷ ᠠᠭᠠᠵᠢᠮ ᠢᠶᠠᠷ ᠶᠠᠪᠤᠵᠤ᠂ ᠭᠤᠤ ᠰᠤᠪᠠᠭ ᠬᠠᠷᠠᠶᠢᠯᠭᠠᠬᠤ ᠦᠭᠡᠢ᠂ ᠬᠥᠲᠥᠯ ᠳᠠᠪᠠᠭᠤᠯᠬᠤ ᠦᠭᠡᠢ᠂ ᠪᠠᠷᠲᠠᠭᠠᠲᠤ ᠵᠠᠮ ᠢᠶᠠᠷ ᠶᠠᠪᠤᠭᠤᠯᠬᠤ ᠦᠭᠡᠢ ᠪᠠᠶᠢᠵᠤ᠂ ᠡᠪᠬᠡᠮᠡᠯ ᠬᠠᠭᠠᠯᠭ᠎ᠠ ᠪᠠᠷ ᠣᠷᠣᠵᠤ ᠭᠠᠷᠬᠤ ᠳᠤ ᠰᠢᠬᠠᠯᠳᠤᠬᠤ ᠶᠢ ᠰᠡᠷᠭᠡᠶᠢᠯᠡᠬᠦ ᠬᠡᠷᠡᠭᠲᠡᠢ᠃       ᠲᠠᠪᠤ᠂ ᠡᠷᠡᠭᠦᠯ ᠬᠠᠮᠠᠭᠠᠯᠠᠯ ᠢ ᠠᠩᠬᠠᠷᠴᠤ ᠬᠢᠵᠢᠭ ᠢ ᠰᠡᠷᠭᠡᠶᠢᠯᠡᠬᠦ ᠬᠡᠷᠡᠭᠲᠡᠢ᠃ ᠴᠠᠭ ᠲᠤᠬᠠᠢ ᠳᠤᠨᠢ ᠬᠢᠵᠢᠭ ᠢ ᠰᠡᠷᠭᠡᠶᠢᠯᠡᠵᠦ ᠬᠤᠷᠤᠬᠠᠢ ᠬᠥᠭᠡᠭᠡᠨ᠂ ᠬᠤᠷᠣᠬᠠᠢ ᠬᠥᠭᠡᠭᠡᠬᠦ ᠡᠮ ᠤᠤᠭᠤᠭᠰᠠᠨ ᠤ ᠳᠠᠷᠠᠭ᠎ᠠ ᠪᠠᠭᠠᠰᠤ ᠰᠢᠭᠡᠰᠦ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠨ᠎ᠠ᠃ ᠡᠭᠦᠨ ᠠᠴᠠ ᠭᠠᠳᠠᠨ᠎ᠠ᠂ ᠬᠤᠨᠢᠨ ᠤ ᠫᠧᠩ ᠰᠠᠷᠠᠪᠴᠢ ᠶᠢ ᠭᠠᠷᠠᠭ ᠪᠦᠷᠢ ᠨᠢᠭᠡ ᠤᠳᠠᠭ᠎ᠠ ᠠᠷᠢᠭᠤᠳᠬᠠᠵᠤ᠂ ᠬᠤᠨᠢᠨ ᠤ ᠲᠠᠬᠤᠯ ᠲᠠᠭᠰᠢᠭᠤᠷ᠂ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ᠂ ᠬᠡᠯᠬᠢᠶ᠎ᠡ ᠪᠥᠮᠪᠥᠭᠡᠨ ᠪᠠᠺᠲ᠋ᠧᠷᠢ ᠶᠢᠨ ᠡᠪᠡᠳᠴᠢᠨ ᠵᠡᠷᠭᠡ ᠡᠪᠡᠳᠴᠢᠨ ᠢ ᠰᠡᠷᠭᠡᠶᠢᠯᠡᠬᠦ ᠶᠢ ᠠᠩᠬᠠᠷᠴᠤ᠂ ᠡᠪᠡᠳᠴᠢᠨ ᠲᠠᠢ ᠬᠤᠨᠢ ᠶᠢ ᠣᠯᠵᠤ ᠮᠡᠳᠡᠪᠡᠯ ᠴᠠᠭ ᠲᠤᠬᠠᠢ ᠳᠤᠨᠢ ᠲᠤᠰᠠᠭᠠᠷᠯᠠᠵᠤ ᠡᠮᠨᠡᠨ ᠵᠠᠰᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠬᠤᠨᠢᠨ ᠤ ᠬᠠᠮᠠᠭᠤ ᠳᠤ ᠨᠡᠷᠪᠡᠭᠳᠡᠬᠦ ᠠᠴᠠ ᠰᠡᠷᠭᠡᠶᠢᠯᠡᠬᠦ ᠳᠤ ᠢ ᠸᠧᠢ ᠵᠢᠶᠦ᠋ᠨ ᠰᠣ᠋ ᠲᠠᠷᠢᠵᠤ᠂ ᠺᠢᠯᠣᠭ᠍ᠷᠠᠮ ᠪᠦᠷᠢ ᠪᠡᠶ᠎ᠡ ᠶᠢᠨ ᠬᠦᠨᠳᠦ ᠳᠤ 0.2 - 0.3 ᠮᠢᠯᠢᠭᠷᠡᠮ ᠲᠠᠷᠢᠨ᠎ᠠ᠂ ᠬᠡᠷᠪᠡ ᠬᠤᠨᠢᠨ ᠰᠦᠷᠦᠭ ᠲᠤ ᠨᠢᠭᠡᠨᠲᠡ ᠬᠠᠮᠠᠭᠤ ᠡᠪᠡᠳᠴᠢᠨ ᠡᠭᠦᠰᠦᠭᠰᠡᠨ ᠪᠠᠶᠢᠪᠠᠯ᠂ 15 ᠡᠳᠦᠷ ᠤᠨ ᠳᠠᠷᠠᠭ᠎ᠠ ᠳᠠᠬᠢᠨ ᠨᠢᠭᠡ ᠤᠳᠠᠭ᠎ᠠ ᠲᠠᠷᠢᠨ᠎ᠠ᠃    
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ