ᠰᠤᠷᠪᠤᠯᠵᠢᠯᠠᠭᠰᠠᠨ ᠵᠣᠴᠢᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ | ᠰᠤᠷᠪᠤᠯᠵᠢᠯᠠᠭᠰᠠᠨ ᠴᠠᠭ᠄ 2023 - 08 - 29 | ᠭᠤᠣᠯ ᠠᠭᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠥᠬᠦ ᠬᠦᠴᠦᠨ ᠢᠶᠠᠷ ᠢᠶᠠᠨ ᠬᠥᠳᠡᠭᠡ ᠲᠣᠰᠬᠤᠨ ᠤ ᠵᠠᠰᠠᠮᠠᠯ | ᠵᠠᠮ ᠢ ᠰᠠᠶᠢᠲᠤᠷ ᠪᠠᠶᠢᠭᠤᠯᠤᠨ᠂ ᠰᠠᠶᠢᠲᠤᠷ ᠬᠠᠮᠢᠶᠠᠷᠤᠨ᠂ ᠰᠠᠶᠢᠲᠤᠷ ᠬᠠᠮᠠᠭᠠᠯᠠᠨ᠂ ᠰᠠᠶᠢᠲᠤᠷ ᠡᠵᠡᠩᠨᠡᠵᠦ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ | ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠂ ᠳᠤᠮᠳᠠᠳᠤ ᠤᠯᠤᠰ ᠤᠨ | ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠦᠰᠦᠭ ᠪᠢᠴᠢᠭ ᠤᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ᠂ ᠲᠣᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠠᠩᠬᠠᠷᠤᠯ ᠢᠶᠠᠨ | ᠬᠠᠨᠳᠤᠭᠤᠯᠤᠭᠰᠠᠨ ᠳᠤ ᠪᠠᠶᠠᠷᠯᠠᠵᠤ ᠪᠠᠶᠢᠨ᠎ᠠ᠃ ᠥᠨᠥᠳᠦᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ ᠢ ᠳᠠᠬᠢᠨᠲᠠ ᠤᠷᠢᠭᠰᠠᠨ ᠳᠤ ᠪᠠᠨ ᠮᠠᠰᠢ | ᠠᠵᠠ ᠲᠠᠢ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡ ︽︿ᠳᠥᠷᠪᠡᠨ ᠰᠠᠶᠢᠨ ᠬᠥᠳᠡᠭᠡ ᠲᠣᠰᠬᠤᠨ ᠤ ᠵᠠᠮ﹀ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠨᠠᠩ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠤᠶ᠎ᠠ︾ ᠭᠡᠬᠦ ᠭᠤᠤᠯ | ᠰᠡᠳᠦᠪ ᠤᠨ ᠲᠣᠭᠤᠷᠢᠨ ᠳᠤ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠨ᠎ᠠ᠃ ᠶᠦᠨ ᠲᠢᠩᠬᠢᠮ ᠤᠨ ᠳᠠᠷᠤᠭ᠎ᠠ᠂ ᠲᠠᠨ ᠢ ᠪᠠᠶᠠᠷᠯᠠᠨ ᠤᠭᠲᠤᠵᠤ ᠪᠠᠶᠢᠨ᠎ᠠ᠃ | 2023 - 08 - 29 09᠄ 30᠄ 00 | ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠰᠦᠯᠵᠢᠶᠡᠨ ᠤ | ᠠᠨᠳᠠ ᠨᠠᠷ ᠰᠠᠶᠢᠨ ᠪᠠᠶᠢᠵᠠᠭᠠᠨ᠎ᠠ ᠦᠦ᠂ ᠲᠣᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠠᠩᠬᠠᠷᠤᠯ ᠢᠶᠠᠨ ᠬᠠᠨᠳᠤᠭᠤᠯᠤᠭᠰᠠᠨ ᠳᠤ ᠪᠠᠶᠠᠷᠯᠠᠵᠤ | ᠪᠠᠶᠢᠨ᠎ᠠ᠃ ᠥᠨᠥᠳᠦᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ ᠢ ᠳᠠᠬᠢᠨᠲᠠ ᠤᠷᠢᠭᠰᠠᠨ ᠳᠤ ᠪᠠᠨ ᠮᠠᠰᠢ ᠠᠵᠠ ᠲᠠᠢ ᠪᠠᠶᠢᠨ᠎ᠠ᠃ ᠲᠣᠰ | ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡ ︽︿ᠳᠥᠷᠪᠡᠨ ᠰᠠᠶᠢᠨ ᠬᠥᠳᠡᠭᠡ ᠲᠣᠰᠬᠤᠨ ᠤ ᠵᠠᠮ﹀ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠩ | ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ ᠣᠯᠠᠨ ᠲᠠᠢ | ᠰᠠᠨᠠᠯ ᠢᠶᠠᠨ ᠰᠣᠯᠢᠯᠴᠠᠬᠤ ᠪᠣᠯᠤᠨ᠎ᠠ᠃ ᠶᠦᠨ ᠲᠢᠩᠬᠢᠮ ᠤᠨ ᠳᠠᠷᠤᠭ᠎ᠠ᠂ ᠲᠠᠨ ᠢ ᠪᠠᠶᠠᠷᠯᠠᠨ ᠤᠭᠲᠤᠵᠤ ᠪᠠᠶᠢᠨ᠎ᠠ᠃ 2023 - 08 - 2909᠄ 31᠄ 00 | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠤᠷᠤᠭᠰᠠᠨ ᠠᠴᠠ | ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠴᠤ ᠤᠯᠤᠰ ᠤᠨ ᠠᠯᠬᠤᠭ᠎ᠠ ᠶᠢ ᠰᠠᠯᠤᠯ ᠥᠬᠡᠶ ᠳᠠᠭᠠᠵᠤ ︽ᠳᠥᠷᠪᠡᠨ ᠰᠠᠶᠢᠨ ᠬᠥᠳᠡᠭᠡ ᠲᠣᠰᠬᠤᠨ ᠤ | ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠂ ᠣᠲᠣ ᠲᠠ ᠬᠠᠰᠢᠯᠠ ᠣᠳᠣᠬᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠪᠠᠶᠢᠳᠠᠯ ᠢ ᠣᠯᠠᠨ ᠳᠤ ᠲᠠᠨᠢᠯᠴᠠᠭᠤᠯᠤᠭᠠᠳ | ᠥᠭᠭᠦᠨ᠎ᠡ ᠤᠤ᠃ 2023 - 08 - 29 09᠄ 32᠄ 00 | ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠥᠪᠥᠷ ᠮᠣᠩᠭᠤᠯ | ᠪᠣᠯ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠲᠤ ᠣᠷᠣᠰᠢᠵᠤ᠂ ︽ᠤᠮᠠᠷᠠᠲᠤ ᠶᠢᠨ ᠭᠤᠷᠪᠠᠨ ᠣᠷᠣᠨ︾ ᠢ ᠰᠤᠨᠳᠠᠯᠠᠨ᠂ ᠳᠣᠲᠣᠭᠠᠳᠤ ᠳᠤ ᠪᠠᠨ ᠨᠠᠢᠮᠠᠨ | ᠮᠤᠵᠢ ᠲᠠᠢ ᠵᠠᠯᠭᠠᠯᠳᠤᠵᠤ᠂ ᠭᠠᠳᠠᠭᠠᠲᠤ ᠪᠠᠨ ᠣᠷᠣᠰ ᠮᠣᠩᠭᠤᠯ ᠲᠠᠢ ᠬᠥᠷᠰᠢᠯᠡᠵᠦ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ | ᠤᠨᠠᠭᠤᠯᠢ ᠭᠤᠣᠯ︾ ᠪᠣᠯᠤᠨ᠎ᠠ᠃ ᠪᠦᠬᠦ ᠣᠷᠣᠨ ᠤ ᠶᠡᠷᠦᠩᠬᠡᠶ ᠲᠠᠯᠠᠪᠠᠶ 118.3 ᠲᠦᠮᠡᠨ ᠲᠡᠭᠰᠢ ᠳᠥᠷᠪᠡᠯᠵᠢᠨ ᠺᠢᠯᠣᠮᠧᠳ᠋ᠷ᠂ ᠬᠥᠮᠦᠨ ᠠᠮᠠ 2401 ᠲᠦᠮᠡ | ᠪᠠᠶᠢᠵᠤ᠂ ᠨᠡᠶᠢᠲᠡ 12 ᠠᠶᠢᠮᠠᠭ ᠬᠤᠲᠠ᠂ 103 ᠬᠤᠰᠢᠭᠤ ᠰᠢᠶᠠᠨ᠂ 779 ᠰᠤᠮᠤ ᠰᠢᠶᠠᠩ᠂ 11050 ᠭᠠᠴᠠᠭ᠎ᠠ ᠲᠣᠰᠬᠤᠨ᠂ 34352 ᠨᠡᠯᠢᠶᠡᠳ ᠶᠡᠭᠡ | ᠬᠥᠮᠦᠨ ᠠᠮᠠ ᠶᠢᠨ ᠬᠡᠪᠴᠢᠶᠡᠲᠡᠢ ︵20 ᠡᠷᠦᠬᠡ ᠠᠴᠠ ᠳᠡᠭᠡᠭᠰᠢ︶ ᠪᠠᠶᠢᠭᠠᠯᠢᠯᠢᠭ ᠲᠣᠰᠬᠤᠨ ᠬᠠᠷᠢᠶᠠᠯᠠᠭᠳᠠᠨ᠎ᠠ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ | ᠡᠳ᠋ ᠤᠨ ᠵᠠᠰᠠᠭ ᠤᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠵᠡᠷᠭᠡ ᠤᠯᠤᠰ ᠤᠨ ᠶᠠᠮᠤᠨ ᠵᠥᠪᠯᠡᠯ ᠤᠨ ᠬᠦᠴᠦᠲᠡᠶ ᠳᠡᠮᠵᠢᠯᠭᠡ ᠳᠣᠤᠷ᠎ᠠ᠂ | ᠪᠥᠬᠦ ᠣᠷᠣᠨ ᠳᠠᠶᠠᠭᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠨ ᠬᠥᠳᠡᠭᠡ | ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ | ᠬᠥᠳᠡᠭᠡ ᠲᠣᠰᠬᠤᠨ ᠤ ᠵᠠᠰᠠᠮᠠᠯ ᠵᠠᠮ ᠢ ᠪᠥᠬᠦ ᠬᠦᠴᠦᠨ ᠢᠶᠠᠷ ᠢᠶᠠᠨ ᠰᠠᠶᠢᠲᠤᠷ ᠪᠥᠲᠥᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ | ᠰᠠᠶᠢᠲᠤᠷ ᠡᠵᠡᠩᠨᠡᠵᠦ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠪᠠ᠃ 2022 ᠣᠨ ᠤ ᠡᠴᠦᠰ ᠪᠣᠯᠲᠠᠯ᠎ᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ | ᠶᠡᠷᠦᠩᠬᠡᠶ ᠣᠷᠳᠣ 17.5 ᠲᠦᠮᠡᠨ ᠺᠢᠯᠣᠮᠧᠳ᠋ᠷ ᠲᠤ ᠬᠦᠷᠴᠦ᠂ ᠡᠭᠦᠨ ᠳᠤ ᠰᠢᠶᠠᠨ ᠤ ᠵᠠᠮ 4 ᠲᠦᠮᠡᠨ ᠺᠢᠯᠣᠮᠧᠳ᠋ᠷ᠂ ᠰᠢᠶᠠᠩ ᠤᠨ ᠵᠠᠮ 4 ᠲᠦᠮᠡᠨ ᠺᠢᠯᠣᠮᠧᠳ᠋ᠷ᠂ | ᠲᠣᠰᠬᠤᠨ ᠤ ᠵᠠᠮ 9.5 ᠲᠦᠮᠡᠨ ᠺᠢᠯᠣᠮᠧᠳ᠋ᠷ ᠪᠠᠶᠢᠵᠤ᠂ ᠪᠣᠶ ᠪᠥᠬᠦᠶ ᠰᠤᠮᠤ ᠰᠢᠶᠠᠩ ᠪᠠᠯᠭᠠᠰᠤ ᠪᠣᠯᠤᠨ ᠨᠥᠬᠦᠴᠡᠯ ᠲᠠᠢ ᠪᠠᠶᠢᠭᠤᠯᠤᠯᠳᠠᠲᠤ ᠭᠠᠴᠠᠭ᠎ᠠ | ᠲᠣᠰᠬᠤᠨ ᠳᠤ ᠴᠥᠮ ᠬᠠᠲᠠᠭᠤᠷᠠᠭᠤᠯᠤᠭᠰᠠᠨ ᠵᠠᠮ ᠪᠠ ᠠᠶᠠᠨᠴᠢᠳ ᠤᠨ ᠲᠡᠷᠭᠡ ᠨᠡᠪᠲᠡᠷᠡᠪᠡ᠃ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠢᠳᠡᠯ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖ 2023 - 08 - | 29 09᠄ 35᠄ 00 | ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠲᠡᠭᠡᠶ᠎ᠡ᠂ | ᠬᠦᠳᠦᠯᠦᠭᠴᠢ᠃ ᠮᠠᠨ ᠤ ᠣᠷᠣᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠪᠤᠴᠠ ᠳᠤ᠂ | ᠭᠤᠤᠯᠳᠠᠭᠤ ᠭᠤᠷᠪᠠᠨ ᠲᠠᠯ᠎ᠠ ᠶᠢᠨ ᠲᠣᠭᠤᠷᠢᠨ ᠳᠤ ᠬᠠᠮᠢᠶ᠎ᠠ ᠪᠥᠬᠦᠶ ᠠᠵᠢᠯ ᠢ ᠬᠢᠪᠠ᠃ ᠨᠢᠭᠡ ᠳᠤ᠂ ᠳᠡᠭᠡᠳᠦ ᠪᠠᠶᠢᠷᠢᠨ ᠠᠴᠠ ᠪᠠᠶᠢᠷᠢᠯᠠᠭᠤᠯᠬᠤ ᠶᠢ ᠠᠬᠢᠭᠤᠯᠬᠤ | ᠰᠢᠰᠲ᠋ᠧᠮ ᠢ ᠪᠠᠶᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠳᠤ ᠣᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠴᠣᠬᠤᠯᠠᠪᠤᠷᠢ ᠥᠭᠴᠡᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠬᠤ ᠦᠨᠳᠦᠷᠴᠡ ᠳᠤ ᠵᠣᠭᠰᠣᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠵᠠᠮ ᠬᠠᠷᠢᠯᠴᠠᠭᠠᠨ ᠤ ᠬᠤᠰᠢᠭᠤᠴᠢ ᠲᠤᠰᠢᠶᠠᠯᠲᠠᠨ ᠤ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠥᠪᠡᠷᠲᠡᠭᠡᠨ | ᠵᠠᠰᠠᠬᠤ ᠣᠷᠣᠨ ᠨᠢᠭᠡᠳᠦᠯᠲᠡᠶ ᠲᠥᠯᠥᠪᠵᠢᠭᠦᠯᠬᠦ ᠪᠠ ᠪᠦᠬᠦᠯᠢ ᠴᠣᠭᠴᠠ ᠪᠠᠷ ᠠᠬᠢᠭᠤᠯᠬᠤ ᠠᠵᠢᠯ ᠢ ᠰᠠᠶᠢᠲᠤᠷ ᠬᠢᠵᠦ᠂ ᠮᠡᠷᠭᠡᠵᠢᠯ ᠤᠨ ᠵᠢᠯᠣᠭᠤᠳᠣᠯᠭ᠎ᠠ ᠪᠠ ᠪᠠᠯᠠ | ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ | ᠭᠠᠵᠠᠷ ᠤᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠤᠬᠠᠮᠰᠠᠷ ᠢ ᠴᠢᠩᠭᠠᠳᠬᠠᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ | ᠤᠨ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ | ᠂ ᠲᠤᠰᠬᠠᠶ ᠰᠡᠳᠦᠪᠲᠦ ᠬᠤᠷᠠᠯ᠂ ᠣᠨ ᠤ ᠠᠵᠢᠯ ᠤᠨ ᠬᠤᠷᠠᠯ᠂ ᠵᠣᠬᠢᠴᠠᠭᠤᠯᠤᠨ ᠠᠬᠢᠭᠤᠯᠬᠤ ᠬᠤᠷᠠᠯ᠂ ᠪᠣᠯᠪᠠᠰᠤᠷᠠᠯ ᠤᠨ ᠬᠤᠷᠠᠯ ᠵᠡᠷᠭᠡ ᠶᠢ ᠬᠤᠷᠠᠯᠳᠤᠭᠤᠯᠬᠤ ᠪᠠᠷ | ᠳᠠᠮᠵᠢᠨ᠂ ᠬᠤᠷᠠᠯ ᠳᠠᠭᠠᠷᠠᠪᠠᠯ ᠡᠷᠬᠡᠪᠰᠢ ᠶᠠᠷᠢᠵᠤ᠂ ᠬᠤᠷᠠᠯ ᠳᠠᠭᠠᠷᠠᠪᠠᠯ ᠡᠷᠬᠡᠪᠰᠢ ᠳᠤᠷᠠᠳᠴᠤ᠂ ᠥᠨᠳᠥᠷ ᠵᠣᠭᠰᠣᠴᠠ ᠠᠴᠠ ᠪᠠᠶᠢᠷᠢᠯᠠᠭᠤᠯᠵᠤ᠂ ᠥᠨᠳᠥᠷ | ᠪᠠᠷᠢᠮᠵᠢᠶ᠎ᠠ ᠪᠠᠷ ᠠᠬᠢᠭᠤᠯᠪᠠ᠃ ᠬᠤᠲᠠ᠂ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ | ᠨᠠᠶᠢᠳᠠᠪᠤᠷᠢᠵᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠡᠭᠦᠳᠦᠨ ᠪᠠᠶᠢᠭᠤᠯᠬᠤ ᠬᠠᠯᠠᠭᠤᠨ ᠥᠷᠨᠢᠯᠲᠡ ᠶᠢ ᠪᠥᠬᠦ ᠲᠠᠯ᠎ᠠ ᠪᠠᠷ ᠥᠷᠨᠢᠭᠦᠯᠪᠡ᠃ ︽ | ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠨᠢ ᠠᠵᠢᠯ ᠲᠥᠷᠥᠯ ᠤᠨ ᠬᠠᠮᠤᠭ ᠤᠨ ᠲᠦᠷᠦᠭᠦᠨ ᠳᠤ ᠠᠳᠬᠤᠬᠤ ᠭᠤᠤᠯᠳᠠᠯᠭ᠎ᠠ ᠲᠠᠢ ᠠᠵᠢᠯ ᠪᠣᠯᠤᠭᠰᠠᠨ ᠢᠶᠠᠷ | ᠪᠠᠷᠠᠬᠤ ᠥᠬᠡᠶ ᠨᠠᠩ ᠴᠤ ᠡᠯ᠎ᠡ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠨ ᠭᠤᠤᠯ ᠠᠵᠢᠯ ᠪᠣᠯᠤᠭᠰᠠᠨ ᠪᠠᠶᠢᠨ᠎ᠠ᠃ ᠬᠤᠶᠠᠷ ᠲᠤ᠂ | ᠰᠢᠰᠲ᠋ᠧᠮ ᠲᠠᠢ ᠪᠥᠭᠡᠳ ᠪᠦᠬᠦ ᠲᠠᠯ᠎ᠠ ᠶᠢᠨ ᠳᠦᠷᠢᠮ ᠤᠨ ᠰᠢᠰᠲ᠋ᠧᠮ ᠢ ᠪᠠᠶᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠬᠤ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ | ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠰᠦᠯ ᠵᠣᠬᠢᠶᠠᠬᠤ᠂ ᠢᠯᠠ ᠠᠷᠭ᠎ᠠ ᠬᠡᠮᠵᠢᠶ᠎ᠡ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠦᠷᠢᠮ︾᠂ ︽︿ᠳᠥᠷᠪᠡᠨ ᠰᠠᠶᠢᠨ ᠬᠥᠳᠡᠭᠡ ᠲᠣᠰᠬᠤᠨ ᠤ | ᠵᠠᠮ﹀ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠂ ︽ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠂ ︽ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ | ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠬᠡᠷ᠂ ᠰᠢᠦᠳᠠᠨ ᠪ᠊ ᠬᠠᠮᠢᠶᠠᠷᠤᠯᠲᠠ ᠶᠢᠨ ᠲᠣᠪᠴᠢᠶ᠎ᠠ᠂ | ᠬᠠᠩᠭᠠᠨ ᠪᠣᠷᠣᠯᠠᠭᠤᠯᠬᠤ ᠬᠤᠷᠰᠢᠶ᠎ᠠ ᠶᠢᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ | ᠬᠡᠷᠡᠭᠵᠢᠭᠦᠯᠬᠦ ᠰᠠᠨᠠᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠡᠭᠦᠨ ᠤ ᠬᠠᠮᠲᠤ ︽ᠳᠥᠷᠪᠡᠨ | ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ ᠪᠥᠬᠦ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠥᠭᠵᠢᠯᠲᠡ ᠶᠢᠨ ᠬᠥᠲᠥᠯᠪᠦᠷᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠲᠥᠰᠦᠯ ᠳᠤ ᠣᠷᠣᠭᠤᠯᠵᠤ᠂ | ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠰᠡᠳᠬᠢᠮᠵᠢ᠂ ᠬᠠᠷᠠᠯᠲᠠ ᠡᠭᠦᠷᠭᠡ᠂ ᠬᠠᠷᠢᠭᠤᠴᠠᠯᠭ᠎ᠠ ᠶᠢᠨ | ᠨᠠᠷᠢᠨ ᠳᠠᠩᠰᠠ᠂ ᠠᠬᠢᠴᠠ ᠶᠢᠨ ᠲᠣᠬᠢᠷᠠᠭᠤᠯᠤᠯᠲᠠ ᠵᠡᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠱᠠᠲᠤ ᠱᠠᠲᠤ ᠪᠠᠷ ᠠᠬᠢᠭᠤᠯᠬᠤ ᠬᠤᠷᠠᠯ᠂ ᠰᠤᠷᠤᠯᠴᠠᠵᠤ | ᠰᠣᠯᠢᠯᠴᠠᠬᠤ ᠬᠤᠷᠠᠯ᠂ ᠤᠬᠠᠭᠤᠯᠤᠨ ᠨᠠᠶᠢᠳᠠᠪᠤᠷᠢᠵᠢᠭᠤᠯᠬᠤ ᠬᠤᠷᠠᠯ ᠵᠡᠷᠭᠡ ᠢ ᠬᠤᠷᠠᠯᠳᠤᠭᠤᠯᠵᠤ᠂ ᠲᠧᠯᠸᠢᠰ᠂ ᠢᠨᠲ᠋ᠧᠷ ᠰᠦᠯᠵᠢᠶ᠎ᠡ᠂ ᠸᠢᠴᠠᠲ ᠤᠨ ᠲᠠᠪᠴᠠᠩ | ᠵᠡᠷᠭᠡ ᠵᠠᠭᠤᠴᠢᠯᠠᠭᠤᠷ ᠢᠶᠠᠷ ᠳᠠᠮᠵᠢᠨ ᠥᠷᠭᠡᠨ ᠢᠶᠠᠷ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠪᠣᠯᠤᠨ ᠣᠯᠠᠨ ᠲᠦᠮᠡᠨ ᠤ ᠣᠶᠢᠯᠠᠭᠠᠯᠲᠠ ᠪᠣᠯᠤᠨ ᠳᠡᠮᠵᠢᠯᠭᠡ ᠶᠢ | ᠣᠯᠬᠤ ᠪᠠᠷ ᠴᠢᠷᠮᠠᠶᠢᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠦᠷᠢᠮ ᠤᠨ ᠪᠠᠲᠤᠯᠠᠭ᠎ᠠ | ᠬᠠᠩᠭᠠᠪᠠ᠃ ᠭᠤᠷᠪᠠ ᠳᠤ᠂ ᠵᠣᠬᠢᠴᠠᠭᠤᠯᠤᠨ ᠠᠬᠢᠭᠤᠯᠬᠤ ᠠᠵᠢᠯ ᠤᠨ ᠰᠢᠰᠲ᠋ᠧᠮ ᠢ ᠲᠡᠭᠦᠯᠳᠡᠷᠵᠢᠭᠦᠯᠪᠡ᠃ ᠨᠠᠮ ᠤᠨ ᠪᠠᠶᠢᠭᠤᠯᠤᠯᠲᠠ ᠪᠠᠷ ᠬᠥᠲᠥᠯᠥᠨ | ᠵᠢᠯᠣᠭᠤᠳᠣᠭᠤᠯᠵᠤ᠂ ᠳᠡᠭᠡᠳᠦ ᠬᠡᠮᠵᠢᠶ᠎ᠡ ᠪᠠᠷ ᠠᠬᠢᠭᠤᠯᠤᠨ᠂ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠱᠠᠲᠤ ᠱᠠᠲᠤ ᠪᠠᠷ | ᠴᠢᠩᠭ᠎ᠠ ᠪᠥᠭᠡᠳ ᠪᠣᠳᠠᠲᠠᠶ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ | ᠣᠯᠠᠨ ᠲᠦᠮᠡᠨ ᠤ ᠳᠠᠪᠠᠭᠤᠯᠢᠭ ᠢ ᠦᠨᠡᠨᠬᠦ ᠪᠠᠳᠠᠷᠠᠭᠤᠯᠤᠨ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠵᠠᠮ ᠵᠠᠰᠠᠵᠤ ᠬᠥᠭᠦᠷᠭᠡ ᠲᠠᠯᠪᠢᠬᠤ ᠳᠠᠪᠠᠭᠤᠯᠢᠭ ᠪᠣᠯᠭᠠᠨ | ᠬᠤᠪᠢᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠪᠥᠲᠥᠭᠡᠨ ᠪᠠᠶᠢᠭᠤᠯᠬᠤ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠠᠢ᠃ ᠠᠬᠢᠴᠠ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠨᠢ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠠᠵᠢᠯ ᠢ ᠰᠠᠷ᠎ᠠ ᠪᠦᠷᠢ ᠶᠢᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠨᠠᠷᠢᠨ | ᠳᠠᠩᠰᠠᠨ ᠳᠤ ᠣᠷᠣᠭᠤᠯᠵᠤ᠂ ᠲᠦᠷᠦᠭᠦᠯᠡᠬᠦ ᠪᠠ ᠬᠠᠮᠵᠢᠯᠴᠠᠬᠤ ᠨᠢᠭᠡᠴᠢ ᠶᠢ ᠲᠣᠳᠣᠷᠬᠠᠶᠢᠯᠠᠨ᠂ ᠠᠵᠢᠯ ᠤᠨ ᠠᠬᠢᠴᠠ ᠶᠢ ᠴᠠᠭ ᠲᠤᠬᠠᠶ ᠳᠤ ᠨᠢ ᠮᠥᠷᠳᠡᠵᠦ᠂ | ᠠᠬᠢᠴᠠ ᠪᠠᠷ ᠤᠳᠠᠭᠠᠨ ᠪᠠᠶᠢᠭ᠎ᠠ ᠭᠠᠵᠠᠷ ᠣᠷᠣᠨ ᠢ ᠴᠢᠩᠭ᠎ᠠ ᠮᠡᠳᠡᠭᠡᠯᠡᠨ᠂ ᠨᠢᠭᠡᠴᠢ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠲᠠᠢ ᠪᠣᠯᠵᠣᠨ | ᠶᠠᠷᠢᠯᠴᠠᠬᠤ ᠶᠢᠨ ᠬᠠᠮᠲᠤ᠂ ᠣᠨ ᠤ ᠰᠢᠯᠭᠠᠨ ᠬᠢᠨᠠᠬᠤ᠂ ᠺᠠᠳ᠋ᠷ ᠢ ᠳᠡᠪᠰᠢᠭᠦᠯᠬᠦ ᠲᠠᠢ ᠰᠢᠭᠤᠳ ᠬᠤᠯᠪᠣᠭᠳᠠᠭᠤᠯᠤᠨ᠎ᠠ᠃ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠯ ᠪᠦᠷᠢ ︽ᠳᠥᠷᠪᠡᠨ ᠰᠠᠶᠢᠨ | ᠬᠥᠳᠡᠭᠡ ᠲᠣᠰᠬᠤᠨ ᠤ ᠵᠠᠮ︾ ᠤᠨ ᠠᠵᠢᠯ ᠤᠨ ᠭᠦᠶ᠋ᠴᠡᠳᠬᠡᠯ ᠲᠤᠭ᠎ᠠ ᠶᠢ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠣᠨ ᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠭᠤᠤᠯ ᠪᠣᠯᠭᠠᠭᠰᠠᠨ | ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠨᠢ | ᠡᠭᠦᠳᠦᠨ ᠪᠠᠶᠢᠭᠤᠯᠬᠤ ᠠᠵᠢᠯ ᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ ᠠᠳᠬᠤᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ | ᠬᠥᠳᠡᠯᠦᠯᠴᠡᠭᠰᠡᠨ᠂ ᠨᠢᠭᠲᠠ ᠬᠠᠮᠵᠢᠯᠴᠠᠭᠰᠠᠨ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ ᠠᠵᠢᠯ ᠤᠨ ᠪᠠᠶᠢᠳᠠᠯ ᠢ ᠪᠣᠶ ᠪᠣᠯᠭᠠᠵᠤ᠂ ︽ᠳᠥᠷᠪᠡᠨ ᠰᠠᠶᠢᠨ | ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ | ᠬᠡᠷᠡᠭᠲᠡᠶ᠃ 2023 - 08 - 29 09᠄ 36᠄ 00᠃ | ᠬᠥᠲᠥᠯᠥᠭᠴᠢ᠄ | ᠲᠡᠭᠡᠪᠡᠯ ᠡᠲᠡᠭᠡᠷ ᠬᠢᠳᠡᠯ ᠨᠢ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ 2023 - 08 - 29 09᠄ 43᠄ 00 | ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ︽ᠳᠥᠷᠪᠡᠨ | ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠳᠠᠭᠠᠯᠳᠤᠨ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ | ᠳᠣᠤᠷᠠᠬᠢ ᠦᠷ᠎ᠡ ᠪᠦᠲᠦᠮᠵᠢ ᠶᠢ ᠤᠯᠪᠠ᠃ ᠨᠢᠭᠡᠳᠦᠭᠡᠷ ᠲᠤ᠂ ᠵᠠᠮ ᠤᠨ ᠲᠣᠣᠷ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ︽ᠠᠷᠪᠠᠨ ᠳᠥᠷᠪᠡᠳᠦᠭᠡᠷ | ᠲᠠᠪᠤᠨ ᠵᠢᠯ︾ ᠠᠴᠠ ᠨᠠᠭᠠᠰᠢ᠂ ᠪᠥᠬᠦ ᠣᠷᠣᠨ ᠳᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠠᠮ᠂ ᠵᠢᠭᠤᠯᠴᠢᠯᠠᠯ ᠤᠨ ᠵᠠᠮ᠂ ᠠᠵᠤ ᠦᠶ᠋ᠯᠡᠰ ᠤᠨ ᠵᠠᠮ᠂ ᠡᠬᠢ | ᠪᠠᠶᠠᠯᠢᠭ ᠤᠨ ᠵᠠᠮ ᠵᠢᠴᠢ ᠰᠢᠶᠠᠩ ᠪᠠᠯᠭᠠᠰᠤᠨ ᠳᠤ ᠨᠡᠪᠲᠡᠷᠡᠬᠦ ᠭᠤᠷᠪᠠᠨ ᠳᠡᠰ ᠤᠨ ᠵᠠᠮ᠂ ᠪᠠᠶᠢᠭᠤᠯᠤᠯᠳᠠᠲᠤ ᠲᠣᠰᠬᠤᠨ ᠳᠤ ᠨᠡᠪᠲᠡᠷᠡᠬᠦ ᠬᠤᠤᠰ ᠲᠡᠷᠭᠡᠨ ᠵᠠᠮ᠂ | ᠨᠡᠯᠢᠶᠡᠳ ᠶᠡᠭᠡ ᠬᠥᠮᠦᠨ ᠠᠮᠠ ᠶᠢᠨ ᠬᠡᠪᠴᠢᠶ᠎ᠡ ᠲᠠᠢ ᠪᠠᠶᠢᠭᠠᠯᠢ ᠶᠢᠨ ᠲᠣᠰᠬᠤᠨ ᠳᠤ ᠨᠡᠪᠲᠡᠷᠡᠬᠦ ᠬᠠᠲᠠᠭᠤᠷᠠᠭᠤᠯᠤᠭᠰᠠᠨ ᠵᠠᠮ᠂ ᠬᠢᠯᠢ ᠳᠠᠭᠠᠤ ᠪᠠᠶᠢᠭᠠᠯᠢ ᠶᠢᠨ | ᠲᠣᠰᠬᠤᠨ ᠳᠤ ᠨᠡᠪᠲᠡᠷᠡᠬᠦ ᠬᠠᠲᠠᠭᠤᠷᠠᠭᠤᠯᠤᠭᠰᠠᠨ ᠵᠠᠮ᠂ ᠲᠣᠤᠷᠵᠢᠭᠤᠯᠤᠭᠰᠠᠨ ᠵᠠᠮ᠂ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠢ 1.1 ᠲᠦᠮᠡᠨ ᠺᠢᠯᠣᠮᠧᠳ᠋ᠷ ᠰᠢᠨ᠎ᠡ ᠪᠠᠷ ᠥᠭᠡᠷᠡᠴᠢᠯᠡᠨ ᠵᠠᠰᠠᠵᠤ᠂ ᠨᠡᠶᠢᠲᠡ 480 ᠰᠠᠭᠤᠷᠢ ᠠᠶᠤᠯᠲᠤ ᠬᠥᠭᠦᠷᠭᠡ ᠶᠢ ᠥᠭᠡᠷᠡᠴᠢᠯᠡᠨ | ᠵᠠᠰᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ ᠢ 3218 ᠺᠢᠯᠣᠮᠧᠳ᠋ᠷ ᠬᠡᠷᠡᠭᠵᠢᠭᠦᠯᠪᠡ᠃ ᠬᠤᠶᠠᠳᠤᠭᠠᠷ ᠲᠤ᠂ ᠬᠠᠮᠢᠶᠠᠷᠤᠯᠲᠠ ᠶᠢᠨ ᠴᠢᠳᠠᠪᠤᠷᠢ ᠨᠢ | ᠲᠠᠰᠤᠷᠠᠯᠲᠠ ᠦᠭᠡᠢ ᠳᠡᠭᠡᠭᠰᠢᠯᠡᠪᠡ᠃ ᠮᠠᠨ ᠤ ᠣᠷᠣᠨ ︽ᠳᠥᠷᠪᠡᠨ ᠳᠡᠰ ᠤᠨ ᠵᠠᠮ ᠤᠨ ᠳᠠᠷᠤᠭ᠎ᠠ ᠶᠢᠨ ᠲᠦᠷᠢᠮ︾ ᠳᠤ ᠲᠦᠰᠢᠭᠯᠡᠨ᠂ ᠨᠢᠭᠡᠳᠦᠯᠲᠡᠶ | ᠤᠳᠤᠷᠢᠳᠤᠭᠰᠠᠨ᠂ ᠱᠠᠲᠤ ᠬᠤᠪᠢᠶᠠᠨ ᠬᠠᠷᠢᠭᠤᠴᠠᠭᠰᠠᠨ᠂ ᠣᠯᠠᠨ ᠲᠠᠯ᠎ᠠ ᠪᠠᠷ ᠬᠠᠮᠵᠢᠯᠴᠠᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃ ᠵᠠᠮ ᠱᠤᠭᠤᠮ ᠤᠨ ᠣᠷᠴᠢᠨ ᠲᠣᠭᠤᠷᠢᠨ ᠤ ᠵᠠᠰᠠᠯᠲᠠ ᠶᠢ | ᠦᠷᠭᠦᠯᠵᠢᠯᠡᠨ ᠴᠢᠩᠭᠠᠳᠬᠠᠵᠤ᠂ ︽ᠵᠠᠮ ᠪᠠ ᠲᠠᠷᠢᠶ᠎ᠠ ᠶᠢ ᠰᠠᠯᠭᠠᠬᠤ︾᠂ ︽ᠵᠠᠮ ᠪᠠ ᠣᠷᠣᠨ ᠰᠠᠭᠤᠴᠠ ᠶᠢ ᠰᠠᠯᠭᠠᠬᠤ︾ ᠶᠢ ᠭᠦᠨᠵᠡᠭᠡᠶ ᠠᠬᠢᠭᠤᠯᠵᠤ᠂ ᠬᠥᠳᠡᠭᠡ | ᠲᠣᠰᠬᠤᠨ ᠤ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠡᠷᠴᠢᠮ ᠢ ᠴᠢᠩᠭᠠᠷᠠᠭᠤᠯᠤᠨ᠂ ᠰᠤᠮᠤ ᠰᠢᠶᠠᠩ ᠪᠠᠯᠭᠠᠰᠤ | ᠂ ᠭᠠᠴᠠᠭ᠎ᠠ ᠲᠣᠰᠬᠤᠨ ᠬᠦᠴᠦ ᠬᠠᠮᠲᠤᠳᠬᠠᠨ ᠬᠠᠮᠵᠢᠯᠴᠠᠵᠤ᠂ ᠡᠯ᠎ᠡ ᠱᠠᠲᠤᠨ ᠤ ᠬᠠᠮᠢᠶᠠᠷᠤᠯᠲᠠ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠎ᠠ᠃ ᠭᠤᠷᠪᠠᠳᠤᠭᠠᠷ | ᠲᠤ᠂ ᠵᠠᠮ ᠤᠨ ᠪᠠᠶᠢᠳᠠᠯ ᠤᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠢᠨᠵᠧᠨᠧᠷᠢᠩ ᠢ ᠦᠨᠳᠦᠰᠦᠨ ᠳᠤ ᠪᠠᠨ ᠵᠠᠬ᠎ᠠ ᠳᠡᠯᠭᠡᠭᠦᠷᠴᠢᠯᠡᠬᠦ ᠶᠢ ᠪᠡᠶᠡᠯᠡᠭᠦᠯᠵᠦ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ | ᠵᠠᠭᠪᠤᠷ ᠨᠢ ᠨᠡᠯᠢᠶᠡᠳ ᠣᠯᠠᠨ ᠪᠠᠶᠢᠵᠤ᠂ ᠵᠠᠷᠢᠮ ᠬᠤᠰᠢᠭᠤ ᠰᠢᠶᠠᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠶᠢ ᠵᠡᠷᠭᠡ ᠳᠤ ᠨᠢ ᠵᠠᠬ᠎ᠠ ᠳᠡᠯᠭᠡᠭᠦᠷᠴᠢᠯᠡᠬᠦ ᠶᠢ | ᠪᠡᠶᠡᠯᠡᠭᠦᠯᠵᠦ᠂ ᠵᠠᠷᠢᠮ ᠬᠤᠰᠢᠭᠤ ᠰᠢᠶᠠᠨ ᠤ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠲᠤᠰᠬᠠᠶ ᠠᠵᠢᠯ ᠢ ᠰᠢᠶᠠᠨ ᠤ ᠵᠠᠰᠠᠮᠠᠯ ᠵᠠᠮ ᠤᠨ ᠦᠢᠯᠡᠴᠢᠯᠡᠭᠡᠨ ᠤ | ᠲᠥᠪ ᠠᠴᠠ ᠬᠡᠷᠡᠭᠵᠢᠭᠦᠯᠵᠦ᠂ ᠰᠢᠶᠠᠩ ᠲᠣᠰᠬᠤᠨ ᠤ ᠵᠠᠰᠠᠮᠠᠯ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠡᠯ᠎ᠡ ᠰᠢᠶᠠᠩ ᠪᠠᠯᠭᠠᠰᠤᠨ ᠤ ᠵᠠᠰᠠᠭ ᠤᠨ | ᠣᠷᠳᠣᠨ ᠪᠣᠯᠤᠨ ᠲᠣᠰᠬᠤᠨ ᠤ ᠵᠥᠪᠯᠡᠯ ᠠᠴᠠ ᠬᠡᠷᠡᠭᠵᠢᠭᠦᠯᠵᠦ᠂ ᠵᠠᠷᠢᠮ ᠬᠤᠰᠢᠭᠤ ᠰᠢᠶᠠᠨ ᠳᠤ ᠰᠢᠶᠠᠨ᠂ ᠰᠢᠶᠠᠩ᠂ ᠲᠣᠰᠬᠤᠨ ᠠᠴᠠ ᠠᠷᠠᠴᠢᠯᠠᠨ ᠬᠠᠮᠠᠭᠠᠯᠠᠬᠤ ᠶᠢ | ᠱᠠᠲᠤ ᠬᠤᠪᠢᠶᠠᠨ ᠬᠠᠮᠢᠶᠠᠷᠴᠤ ᠶᠢ ᠬᠡᠷᠡᠭᠵᠢᠭᠦᠯᠵᠦ᠂ ᠰᠢᠶᠠᠨ ᠤ ᠵᠠᠮ ᠢ ᠰᠢᠶᠠᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠥᠪ ᠠᠴᠠ ᠠᠷᠠᠴᠢᠯᠠᠨ ᠬᠠᠮᠠᠭᠠᠯᠠᠵᠤ᠂ | ᠰᠢᠶᠠᠩ ᠲᠣᠰᠬᠤᠨ ᠤ ᠵᠠᠮ ᠢ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠮ ᠳᠠᠭᠠᠤ ᠶᠢᠨ ᠣᠯᠠᠨ ᠲᠦᠮᠡᠨ ᠢ ᠤᠷᠢᠵᠤ ᠬᠡᠷᠡᠭᠯᠡᠨ ᠬᠡᠰᠡᠭ ᠬᠤᠪᠢᠶᠠᠨ | ᠳᠠᠭᠠᠭᠠᠴᠢᠯᠠᠭᠤᠯᠵᠤ ᠠᠷᠠᠴᠢᠯᠠᠨ ᠬᠠᠮᠠᠭᠠᠯᠠᠬᠤ ᠶᠢ ᠬᠡᠷᠡᠭᠵᠢᠭᠦᠯᠵᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ | ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢ ᠨᠡᠶᠢᠲᠡ 40.4 ᠳ᠋ᠦᠩᠰᠢᠭᠤᠷ ᠲᠥᠭᠦᠷᠢᠭ ᠣᠷᠣᠭᠤᠯᠵᠠᠶ᠂ ᠡᠭᠦᠨ ᠳᠤ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠪᠠᠯᠠ | ᠮᠥᠩᠭᠦ ᠶᠢ 34.2 ᠳ᠋ᠦᠩᠰᠢᠭᠤᠷ ᠲᠥᠭᠦᠷᠢᠭ ᠣᠷᠣᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢ 6.2 ᠳ᠋ᠦᠩᠰᠢᠭᠤᠷ ᠲᠥᠭᠦᠷᠢᠭ | ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠨᠣᠷᠮ᠎ᠠ ᠶᠢ 100% ᠳᠤ ᠬᠦᠷᠭᠡᠪᠡ᠃ ᠳᠥᠷᠪᠡᠳᠦᠭᠡᠷ ᠲᠤ᠂ | ᠲᠡᠭᠡᠭᠡᠪᠦᠷᠢ ᠶᠢᠨ ᠦᠶ᠋ᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠮᠠᠨ ᠤ ᠣᠷᠣᠨ ︽ᠲᠣᠰᠬᠤᠨ ᠪᠣᠯᠭᠠᠨ ᠳᠤ ᠠᠶᠠᠨᠴᠢᠳ ᠤᠨ ᠲᠡᠷᠭᠡ ᠶᠢ | ᠨᠡᠪᠲᠡᠷᠡᠭᠦᠯᠬᠦ︾ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠲᠤᠰᠬᠠᠶ ᠱᠤᠭᠤᠮ ᠢ ᠦᠷᠭᠦᠯᠵᠢᠯᠡᠨ ᠨᠡᠪᠲᠡᠷᠡᠭᠦᠯᠵᠦ᠂ ︽ᠵᠠᠮ ᠢ | ᠨᠡᠪᠲᠡᠷᠡᠭᠦᠯᠦᠭᠰᠡᠨ ᠪᠣᠯᠪᠠᠴᠤ ᠨᠡᠪᠲᠡᠷᠡᠬᠦ ᠥᠬᠡᠶ︾ ᠪᠣᠶ ᠪᠥᠬᠦᠶ ᠵᠠᠰᠠᠭ ᠵᠠᠬᠢᠷᠭᠠᠨ ᠤ ᠲᠣᠰᠬᠤᠨ ᠢ ᠬᠠᠮᠤᠷᠪᠠ᠃ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢᠨ | ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠰᠢᠲᠠᠭᠠᠯᠭ᠎ᠠ ᠶᠢᠨ ᠲᠣᠰᠣᠨ ᠤ ᠨᠥᠬᠦᠪᠥᠷᠢ ᠶᠢ ᠪᠤᠴᠠᠭᠠᠬᠤ ᠪᠠᠯᠠ ᠮᠥᠩᠭᠦ ᠶᠢᠨ ᠡᠵᠡᠩᠨᠡᠯᠲᠡ ᠶᠢᠨ | ᠨᠥᠬᠦᠪᠥᠷᠢ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠣᠰᠬᠤᠨ ᠤ ᠠᠷᠠᠳ ᠤᠨ ︽ᠡᠷᠲᠡ ᠬᠤᠲᠠ ᠣᠷᠣᠵᠤ ᠣᠷᠣᠶ ᠨᠤᠲᠤᠭ ᠲᠤ ᠪᠠᠨ ᠪᠤᠴᠠᠬᠤ︾ | ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠠᠢ᠃ ᠰᠢᠶᠠᠨ ᠤ ᠱᠠᠲᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠰᠢᠶᠠᠩ ᠤᠨ ᠶᠡᠷᠦᠩᠬᠡᠶᠢᠯᠡᠭᠰᠡᠨ | ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭᠡ᠂ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠳᠠᠭᠤᠳᠠᠬᠤ ᠥᠷᠲᠡᠭᠡ ᠵᠡᠷᠭᠡ ᠭᠤᠷᠪᠠᠨ ᠱᠠᠲᠤᠨ ᠤ | ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠣᠯᠠᠨ ᠲᠦᠮᠡᠨ ᠤ ᠲᠡᠷᠭᠡᠨ ᠳᠤ ᠰᠠᠭᠤᠬᠤ ᠨᠥᠬᠦᠴᠡᠯ ᠢ ᠤᠯᠠᠮ | ᠨᠢᠭᠡ ᠠᠯᠬᠤᠮ ᠰᠠᠶᠢᠵᠢᠷᠠᠭᠤᠯᠪᠠ᠃ ᠪᠦᠬᠦ ᠣᠷᠣᠨ ᠳᠤ ᠣᠳᠣ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ 3566᠂ ᠡᠭᠡᠯᠵᠢ ᠶᠢᠨ | ᠱᠤᠭᠤᠮ 2227 ᠪᠠᠶᠢᠵᠤ᠂ ᠰᠢᠶᠠᠩ ᠪᠠᠯᠭᠠᠰᠤ ᠪᠣᠯᠤᠨ ᠪᠠᠶᠢᠭᠤᠯᠤᠯᠳᠠᠲᠤ ᠲᠣᠰᠬᠤᠨ ᠳᠤ ᠠᠶᠠᠨᠴᠢᠳ ᠤᠨ ᠲᠡᠷᠭᠡ ᠨᠡᠪᠲᠡᠷᠡᠬᠦ ᠬᠠᠷᠢᠴᠠᠯ ᠢ 100 % ᠪᠠᠷ | ᠪᠠᠲᠤᠯᠠᠪᠠ᠃ ᠲᠠᠪᠤᠳᠤᠭᠠᠷ ᠲᠤ᠂ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ | ᠲᠦᠷᠭᠡᠳᠬᠡᠪᠡ᠃ ᠮᠠᠨ ᠤ ᠣᠷᠣᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠬᠤ ᠠᠵᠢᠯ ᠤᠨ ᠲᠤᠰᠬᠠᠶ ᠮᠡᠷᠭᠡᠵᠢᠯᠲᠡᠨ ᠤ | ᠬᠥᠮᠥᠷᠭᠡ ᠶᠢ ᠵᠣᠬᠢᠶᠠᠨ ᠪᠠᠶᠢᠭᠤᠯᠪᠠ᠃ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠪᠣᠳᠠᠲᠠᠶ ᠭᠠᠵᠠᠷ ᠲᠤ ᠨᠢ ᠰᠢᠯᠭᠠᠨ ᠪᠠᠶᠢᠴᠠᠭᠠᠬᠤ ᠶᠢ ᠥᠷᠨᠢᠭᠦᠯᠵᠦ᠂ ᠪᠠᠶᠢᠴᠠᠭᠠᠨ | ᠵᠢᠯᠣᠭᠤᠳᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠬᠤ ᠣᠨᠣᠯ ᠤᠨ ᠬᠢᠷᠢ ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠢᠱᠢᠶ᠎ᠡ | ᠦᠵᠡᠭᠦᠯᠦᠨ ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠨ ᠠᠬᠢᠭᠤᠯᠤᠨ᠎ᠠ᠃ ᠪᠥᠬᠦ ᠣᠷᠣᠨ ᠳᠤ ᠣᠲᠣ 12 ︽ᠳᠥᠷᠪᠡᠨ ᠰᠠᠶᠢᠨ ᠬᠥᠳᠡᠭᠡ ᠲᠣᠰᠬᠤᠨ ᠤ | ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ᠂ 38 ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠥᠪᠡᠷᠲᠡᠭᠡᠨ ᠵᠠᠰᠠᠬᠤ ᠣᠷᠣᠨ ᠤ | ᠲᠠᠰ ᠤᠨ ᠵᠢᠱᠢᠶ᠎ᠡ ᠦᠵᠡᠭᠦᠯᠬᠦ ᠰᠢᠶᠠᠨ ᠲᠠᠢ ᠪᠠᠶᠢᠵᠤ᠂ 2023 ᠣᠨ ᠳᠤ ᠶᠠᠭ ᠠᠤᠬᠠᠨ ᠬᠤᠰᠢᠭᠤ ᠵᠡᠷᠭᠡ 5 ᠬᠤᠰᠢᠭᠤ ᠰᠢᠶᠠᠨ ᠲᠣᠭᠤᠷᠢᠭ ᠤᠨ ︽ᠳᠥᠷᠪᠡᠨ | ᠰᠠᠶᠢᠨ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠵᠢᠯᠣᠭᠤᠳᠤᠨ | ᠠᠬᠢᠭᠤᠯᠵᠤ᠂ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠡᠵᠡᠯᠡᠬᠦ ᠬᠠᠷᠢᠴᠠᠯ ᠢ ᠴᠢᠷᠮᠠᠶᠢᠨ ᠳᠡᠭᠡᠭᠰᠢᠯᠡᠭᠦᠯᠵᠦ ᠪᠠᠶᠢᠨ᠎ᠠ᠃ 2023 - 08 - 29 09᠄ | 44᠄ 00 | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠳᠠᠭᠠᠯᠳᠤᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠂ ᠲᠠ | ᠪᠣᠳᠠᠲᠠᠶ ᠶᠠᠷᠢᠭᠠᠳ ᠥᠭᠭᠦᠨ᠎ᠡ ᠤᠤ︖ 2023 - 08 - 29 09᠄ 52᠄ 00 | ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠣᠳᠣᠬᠠᠨ ᠳᠤ᠂ | ᠪᠦᠬᠦ ᠣᠷᠣᠨ ᠤ ᠨᠥᠬᠦᠴᠡᠯ ᠪᠦᠷᠢᠯᠳᠦᠭᠦᠯᠦᠭᠰᠡᠨ 96 ᠬᠤᠰᠢᠭᠤ ᠰᠢᠶᠠᠨ ᠲᠣᠭᠤᠷᠢᠭ ᠲᠤ ᠴᠥᠮ ᠵᠠᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠣᠳᠣ | ᠪᠠᠶᠢᠭ᠎ᠠ ᠶᠡᠷᠦᠩᠬᠡᠶ ᠵᠠᠮ ᠤᠨ ᠳᠠᠷᠤᠭ᠎ᠠ 99 ᠬᠥᠮᠦᠨ ︵ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠠᠭᠲᠠᠨ᠎ᠠ︶᠂ ᠰᠢᠶᠠᠨ ᠤ ᠳᠡᠰ ᠤᠨ ᠵᠠᠮ ᠤᠨ ᠳᠠᠷᠤᠭ᠎ᠠ | 99 ᠬᠥᠮᠦᠨ᠂ ᠰᠢᠶᠠᠩ ᠤᠨ ᠱᠠᠲᠤᠨ ᠤ ᠵᠠᠮ ᠤᠨ ᠳᠠᠷᠤᠭ᠎ᠠ 820 ᠬᠥᠮᠦᠨ᠂ ᠲᠣᠰᠬᠤᠨ ᠤ ᠳᠡᠰ ᠤᠨ ᠵᠠᠮ ᠤᠨ ᠳᠠᠷᠤᠭ᠎ᠠ 10946 ᠬᠥᠮᠦᠨ ᠪᠠᠶᠢᠵᠤ᠂ | ᠶᠡᠷᠦᠩᠬᠡᠶ ᠵᠠᠮ ᠤᠨ ᠳᠠᠷᠤᠭ᠎ᠠ ᠨᠢ ᠬᠤᠰᠢᠭᠤ ᠰᠢᠶᠠᠨ ᠲᠣᠭᠤᠷᠢᠭ ᠤᠨ ᠳᠠᠷᠤᠭ᠎ᠠ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠬᠤ ᠬᠠᠮᠢᠶᠠᠷᠬᠤ ᠠᠷᠠᠴᠢᠯᠠᠬᠤ ᠲᠡᠭᠡᠭᠡᠪᠦᠷᠢᠯᠡᠬᠦ ᠶᠢᠨ ᠵᠣᠬᠢᠴᠠᠩᠭᠤᠶ ᠪᠠᠷ ᠬᠥᠭᠵᠢᠬᠦ ᠶᠢ ᠶᠡᠷᠦᠩᠬᠡᠶᠢᠯᠡᠨ ᠬᠠᠮᠢᠶᠠᠷᠴᠤ ᠪᠤᠶ᠃ ᠵᠠᠮ ᠤᠨ ᠣᠷᠴᠢᠨ ᠲᠣᠭᠤᠷᠢᠨ ᠤ | ᠵᠠᠰᠠᠯᠲᠠ ᠶᠢ ᠦᠷᠭᠦᠯᠵᠢᠯᠡᠨ ᠴᠢᠩᠭᠠᠷᠠᠭᠤᠯᠵᠤ᠂ ᠬᠤᠲᠠ ᠠᠴᠠ ᠭᠠᠷᠬᠤ ᠵᠠᠮ᠂ ᠤᠯᠤᠰ ᠮᠤᠵᠢ ᠶᠢᠨ ᠭᠤᠤᠯ ᠱᠤᠭᠤᠮ ᠬᠢᠭᠡᠳ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠢ ᠵᠣᠯᠭᠠᠭᠤᠯᠤᠭᠰᠠᠨ ᠬᠡᠰᠡᠭ᠂ ᠵᠢᠭᠤᠯᠴᠢᠯᠠᠯ ᠤᠨ ᠵᠠᠮ ᠵᠡᠷᠭᠡ ᠭᠤᠤᠯᠳᠠᠯᠭ᠎ᠠ ᠲᠠᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠴᠡᠪᠡᠷᠯᠡᠬᠦ | ᠨᠣᠭᠤᠭᠠᠷᠠᠭᠤᠯᠬᠤ ᠭᠤᠶᠤᠵᠢᠭᠤᠯᠬᠤ ᠠᠵᠢᠯ ᠢ ᠭᠤᠤᠯᠳᠠᠯᠭ᠎ᠠ ᠲᠠᠢ ᠴᠢᠩᠭᠠᠳᠬᠠᠵᠤ᠂ ᠲᠠᠭᠠᠯᠠᠮᠵᠢᠲᠠᠶ ᠰᠠᠶᠢᠬᠠᠨ ᠵᠠᠮ ᠤᠨ ᠣᠷᠴᠢᠨ ᠲᠣᠭᠤᠷᠢᠨ ᠢ ᠴᠢᠷᠮᠠᠶᠢᠨ | ᠬᠠᠩᠭᠠᠨ᠎ᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠵᠠᠮ ᠱᠤᠭᠤᠮ ᠤᠨ | ᠣᠷᠴᠢᠨ ᠨᠥᠬᠦᠴᠡᠯ ᠤᠨ ᠵᠠᠰᠠᠯᠲᠠ ᠬᠢᠭᠡᠳ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠶᠢ ᠵᠡᠷᠭᠡ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ︽ᠵᠠᠮ ᠪᠠ | ᠲᠠᠷᠢᠶ᠎ᠠ ᠶᠢ ᠰᠠᠯᠭᠠᠬᠤ︾᠂ ︽ᠵᠠᠮ ᠪᠠ ᠣᠷᠣᠨ ᠰᠠᠭᠤᠴᠠ ᠶᠢ ᠰᠠᠯᠭᠠᠬᠤ︾ ᠶᠢ ᠭᠦᠨᠵᠡᠭᠡᠶ ᠠᠬᠢᠭᠤᠯᠵᠤ᠂ ︽ᠰᠠᠭᠠᠳ ᠥᠬᠡᠶ᠂ ᠠᠮᠤᠷ ᠲᠥᠪᠰᠢᠨ᠂ ᠲᠠᠭᠠᠯᠠᠮᠵᠢᠲᠠᠶ᠂ | ᠰᠠᠶᠢᠬᠠᠨ︾ ᠶᠠᠪᠤᠵᠤ ᠰᠠᠭᠤᠬᠤ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠤᠯᠢ ᠠᠴᠠ | ᠵᠥᠷᠢᠴᠡᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠨ ᠲᠤᠬᠠᠶ ᠶᠢᠨ ᠲᠠᠯᠠᠪᠤᠷ ᠪᠤᠰᠤ ᠬᠠᠤᠯᠢ ᠬᠡᠷᠡᠭᠵᠢᠭᠦᠯᠬᠦ ᠶᠢ ᠰᠦᠪᠡᠭᠴᠢᠯᠡᠨ ᠬᠡᠷᠡᠭᠵᠢᠭᠦᠯᠵᠦ᠂ ᠵᠠᠮ | ᠬᠠᠷᠢᠯᠴᠠᠭᠠᠨ ᠤ ᠴᠠᠭᠳᠠᠭ᠎ᠠ᠂ ᠵᠠᠮ ᠬᠠᠷᠢᠯᠴᠠᠭᠠᠨ ᠤ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠠᠰᠠᠭ ᠵᠠᠬᠢᠷᠭᠠᠨ ᠤ ᠦᠶ᠋ᠯᠡᠳᠦᠯ᠂ ᠲᠣᠰᠬᠤᠨ ᠤ ᠳᠡᠰ ᠤᠨ ᠵᠠᠮ ᠬᠠᠮᠠᠭᠠᠯᠠᠭᠴᠢ ᠶᠢᠨ ᠨᠢᠭᠡᠳᠦᠭᠡᠷ ᠹᠷᠣᠨᠲ ᠤᠨ ᠬᠢᠨᠠᠯᠲᠠ | ᠲᠠᠯᠪᠢᠬᠤ ᠦᠶ᠋ᠯᠡᠳᠦᠯ ᠢ ᠪᠠᠳᠠᠷᠠᠭᠤᠯᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠵᠠᠰᠠᠮᠠᠯ ᠵᠠᠮ ᠤᠨ ᠬᠠᠤᠯᠢ ᠬᠡᠷᠡᠭᠵᠢᠭᠦᠯᠦᠯᠲᠡ ᠶᠢ ᠰᠢᠶᠠᠩ ᠤᠨ ᠵᠠᠮ ᠳᠠᠰᠢ | ᠪᠦᠷᠬᠦᠭᠦᠯᠬᠦ᠂ ᠲᠣᠰᠬᠤᠨ ᠤ ᠵᠠᠮ ᠳᠠᠰᠢ ᠤᠷᠲᠤᠳᠬᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠦᠨᠳᠦᠰᠦᠨ ᠳᠤ ᠪᠠᠨ ᠪᠣᠶ ᠪᠥᠬᠦᠶ ᠬᠤᠰᠢᠭᠤ ᠰᠢᠶᠠᠨ | ᠲᠣᠭᠤᠷᠢᠭ ᠲᠤ ᠵᠠᠰᠠᠮᠠᠯ ᠵᠠᠮ ᠤᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ᠂ ᠰᠤᠮᠤ ᠰᠢᠶᠠᠩ ᠳᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ᠂ | ᠭᠠᠴᠠᠭ᠎ᠠ ᠲᠣᠰᠬᠤᠨ ᠳᠤ ᠵᠠᠮ ᠬᠠᠮᠠᠭᠠᠯᠠᠭᠴᠢ ᠲᠠᠢ ᠵᠠᠮ ᠤᠨ ᠬᠥᠷᠥᠩᠭᠡ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠪᠠᠶᠢᠭᠤᠯᠵᠠᠢ᠃ ᠮᠡᠳᠡᠭᠡ ᠵᠠᠩᠭᠢᠵᠢᠯᠲᠠ ᠶᠢᠨ | ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ 2023 ᠣᠨ ᠳᠤ᠂ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠶᠡᠷᠦᠩᠬᠡᠶᠢᠯᠡᠭᠰᠡᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠬᠤ ᠬᠠᠮᠢᠶᠠᠷᠬᠤ ᠠᠷᠠᠴᠢᠯᠠᠬᠤ ᠲᠡᠭᠡᠭᠡᠪᠦᠷᠢᠯᠡᠬᠦ ᠪᠥᠬᠦ ᠲᠠᠯ᠎ᠠ ᠶᠢ ᠬᠠᠮᠤᠷᠴᠤ᠂ ᠣᠳᠣᠬᠠᠨ ᠳᠤ | ᠶᠠᠭ ᠭᠤᠷᠪᠠᠳᠠᠬᠢ ᠡᠲᠡᠭᠡᠳ ᠤᠨ ᠠᠵᠤ ᠠᠬᠤᠶᠢᠯᠠᠯ ᠲᠠᠢ ᠬᠡᠰᠡᠭ ᠲᠥᠰᠦᠯ ᠢ ᠰᠤᠳᠤᠯᠵᠤ᠂ ᠵᠢᠯ ᠤᠨ ᠰᠡᠭᠦᠯᠴᠢ ᠠᠴᠠ ᠡᠮᠦᠨ᠎ᠡ ᠰᠠᠭᠤᠷᠢ ᠲᠠᠪᠴᠠᠩ ᠤᠨ | ᠪᠠᠶᠢᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠰᠲ᠋ᠧᠮᠵᠢ ᠪᠠ ᠬᠠᠮᠢᠶᠠᠷᠤᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠪᠣᠯᠣᠨ᠎ᠠ᠃ 2023 - 08 - 29 09᠄ 53᠄ 00᠃ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ᠂ ᠲᠠ ᠡᠮᠦᠨ᠎ᠡ ᠳᠤᠷᠠᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠤᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠲᠠᠯ᠎ᠠ ᠪᠠᠷ ᠶᠡᠭᠡ ᠬᠡᠮᠵᠢᠶᠡᠨ ᠤ ᠠᠷᠠᠴᠢᠯᠠᠨ ᠬᠠᠮᠠᠭᠠᠯᠠᠬᠤ ᠪᠠᠯᠠ ᠮᠥᠩᠭᠦ ᠣᠷᠣᠭᠤᠯᠵᠠᠶ᠂ ᠠᠷᠠᠴᠢᠯᠠᠨ ᠬᠠᠮᠠᠭᠠᠯᠠᠬᠤ ᠠᠵᠢᠯ ᠢ ᠪᠣᠳᠠᠲᠠᠶ ᠬᠡᠷᠬᠢᠨ | ᠥᠷᠨᠢᠭᠦᠯᠦᠭᠰᠡᠨ ᠪᠣᠶ︖ 2023 - 08 - 29 09᠄ 58᠄ 00 | ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ︽ᠠᠷᠪᠠᠨ | ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠮᠠᠨ ᠤ ᠣᠷᠣᠨ ᠠᠷᠠᠴᠢᠯᠠᠨ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠣᠷᠣᠭᠤᠯᠤᠯᠲᠠ ᠶᠢ ᠨᠡᠮᠡᠭᠳᠡᠭᠦᠯᠦᠨ᠂ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠠᠷᠳᠠᠴᠠ | ᠪᠣᠯᠭᠠᠵᠤ᠂ ᠪᠥᠬᠦ ᠣᠷᠣᠨ ᠤ 103 ᠬᠤᠰᠢᠭᠤ ᠰᠢᠶᠠᠨ ᠲᠣᠭᠤᠷᠢᠭ ᠨᠢ ᠰᠢᠶᠠᠨ᠂ ᠰᠢᠶᠠᠩ᠂ ᠲᠣᠰᠬᠤᠨ ᠭᠤᠷᠪᠠᠨ ᠳᠡᠰ ᠤᠨ ᠬᠥᠳᠡᠭᠡ ᠲᠣᠰᠬᠤᠨ ᠤ ᠵᠠᠰᠠᠮᠠᠯ | ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠮᠵᠢ ᠶᠢ 9139 ᠪᠠᠶᠢᠭᠤᠯᠵᠤ᠂ ᠬᠠᠮᠢᠶᠠᠷᠤᠨ ᠠᠷᠠᠴᠢᠯᠠᠬᠤ ᠠᠵᠢᠯᠲᠠᠨ 29205 | ᠲᠣᠬᠢᠷᠠᠭᠤᠯᠵᠤ᠂ ᠡᠭᠦᠨ ᠳᠤ ᠰᠢᠶᠠᠨ ᠰᠢᠶᠠᠩ ᠬᠤᠶᠠᠷ ᠳᠡᠰ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯᠲᠠᠨ ᠤ ᠵᠠᠷᠤᠯᠭ᠎ᠠ ᠶᠢ ᠦᠨᠳᠦᠰᠦᠨ ᠳᠡᠭᠡᠨ | ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠪᠠ᠃ 2022 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠢᠭᠰᠠᠭᠠᠨ ᠠᠷᠠᠴᠢᠯᠠᠨ ᠬᠠᠮᠠᠭᠠᠯᠠᠬᠤ ᠨᠣᠷᠮ᠎ᠠ ᠨᠢ 100% ᠳᠤ ᠬᠦᠷᠴᠦ᠂ ᠰᠢᠯᠢᠳᠡᠭ ᠳᠤᠮᠳᠠ ᠵᠡᠷᠭᠡ ᠶᠢᠨ ᠵᠠᠮ ᠤᠨ | ᠨᠣᠷᠮ᠎ᠠ ᠶᠢ 82.33% ᠪᠣᠯᠣᠨ᠎ᠠ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠨᠥᠬᠦᠪᠥᠷᠢ ᠪᠠᠯᠠ ᠮᠥᠩᠭᠦ ᠶᠢ ᠨᠡᠶᠢᠲᠡ 18.9 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢ 2.18 ᠳ᠋ᠦᠩᠰᠢᠭᠤᠷ ᠲᠥᠭᠦᠷᠢᠭ | ᠨᠠᠶᠢᠳᠠᠪᠤᠷᠢᠵᠢᠭᠤᠯᠪᠠ᠃ 2023 ᠣᠨ ᠳᠤ᠂ ᠪᠥᠬᠦ ᠣᠷᠣᠨ ᠳᠤ 150 ᠰᠠᠭᠤᠷᠢ ᠠᠶᠤᠯᠲᠤ ᠬᠥᠭᠦᠷᠭᠡ ᠶᠢ ᠥᠭᠡᠷᠡᠴᠢᠯᠡᠨ ᠵᠠᠰᠠᠬᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠢᠨᠵᠧᠨᠧᠷᠢᠩ ᠢ 1000 ᠺᠢᠯᠣᠮᠧᠳ᠋ᠷ᠂ ᠠᠷᠠᠴᠢᠯᠠᠨ ᠬᠠᠮᠠᠭᠠᠯᠠᠬᠤ ᠢᠨᠵᠧᠨᠧᠷᠢᠩ ᠢ 8508 ᠺᠢᠯᠣᠮᠧᠳ᠋ᠷ ᠬᠡᠷᠡᠭᠵᠢᠭᠦᠯᠬᠦ ᠪᠠᠷ ᠲᠥᠯᠥᠪᠯᠡᠵᠦ᠂ | ᠬᠡᠷᠡᠭᠵᠢᠭᠦᠯᠬᠦ ᠪᠠᠷ ᠲᠥᠯᠥᠪᠯᠡᠭᠰᠡᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠵᠠᠮ ᠤᠨ ᠣᠷᠳᠣ ᠨᠢ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠶᠡᠷᠦᠩᠬᠡᠶ ᠵᠠᠮ ᠤᠨ ᠣᠷᠳᠣ ᠶᠢᠨ 5 % ᠶᠢ ᠡᠵᠡᠯᠡᠨ᠎ᠡ᠃ ᠪᠥᠬᠦ ᠣᠷᠣᠨ ᠲᠥᠷᠥᠯ ᠵᠦᠶ᠋ᠯ ᠤᠨ ᠠᠬᠢᠴᠠ ᠶᠢᠨ ᠲᠣᠬᠢᠷᠠᠭᠤᠯᠤᠯᠲᠠ ᠪᠠᠷ ᠭᠠᠷᠳᠠᠴᠠ ᠪᠣᠯᠭᠠᠨ᠂ | ᠲᠥᠷᠥᠯ ᠵᠦᠶ᠋ᠯ ᠢ ᠭᠤᠤᠯᠯᠠᠨ ᠠᠳᠬᠤᠵᠤ᠂ ᠲᠥᠷᠥᠯ ᠵᠦᠶ᠋ᠯ ᠢ ᠶᠡᠭᠡ ᠪᠠᠷ ᠠᠳᠬᠤᠵᠤ᠂ ᠭᠤᠤᠯᠳᠠᠯᠭ᠎ᠠ ᠲᠠᠢ ᠲᠥᠷᠥᠯ ᠵᠦᠶ᠋ᠯ ᠤᠨ ︽ᠨᠢᠭᠡ ᠬᠤᠶᠠᠷ ᠭᠤᠷᠪᠠ︾ | ᠶᠢᠨ ᠲᠣᠬᠢᠷᠠᠭᠤᠯᠤᠯᠲᠠ ᠳᠠᠭᠠᠭᠠᠴᠢᠯᠠᠯᠲᠠ ᠶᠢ ᠪᠠᠲᠤᠯᠠᠬᠤ ᠶᠢ ᠬᠡᠷᠡᠭᠵᠢᠭᠦᠯᠵᠦ᠂ ᠲᠤᠬᠠᠶᠢᠯᠠᠪᠠᠯ ︽ᠨᠢᠭᠡᠳᠦᠭᠡᠷ ᠹᠷᠣᠨᠲ ᠤᠨ ᠲᠣᠬᠢᠷᠠᠭᠤᠯᠤᠯᠲᠠ᠂ ᠬᠤᠶᠠᠷ ᠱᠠᠲᠤᠨ ᠤ | ᠳᠠᠭᠠᠭᠠᠴᠢᠯᠠᠯᠲᠠ ᠶᠢ ᠪᠠᠲᠤᠯᠠᠬᠤ᠂ ᠭᠤᠷᠪᠠᠨ ᠨᠢᠭᠡ ᠶᠢᠨ ᠠᠬᠢᠭᠤᠯᠤᠯᠲᠠ︾ ᠪᠣᠯᠤᠨ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠲᠤᠰᠬᠠᠶ ᠰᠡᠳᠦᠪᠲᠦ | ᠲᠣᠬᠢᠷᠠᠭᠤᠯᠤᠯᠲᠠ ᠬᠢᠬᠦ ᠵᠡᠷᠭᠡ ᠠᠷᠭ᠎ᠠ ᠬᠡᠯᠪᠡᠷᠢ ᠶᠢ ᠠᠪᠴᠤ᠂ ᠰᠠᠷ᠎ᠠ ᠪᠦᠷᠢ ᠸᠢᠳᠢᠤ᠋ ᠶᠢᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠤᠷᠲᠠᠨ | ᠶᠠᠷᠢᠯᠴᠠᠵᠤ᠂ ᠴᠡᠭ ᠠᠴᠠ ᠴᠡᠭ ᠲᠠᠢ ᠵᠣᠯᠭᠠᠭᠤᠯᠤᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠲᠤᠰᠢᠶᠠᠨ᠂ ᠠᠰᠠᠭᠤᠳᠠᠯ ᠢ ᠰᠢᠢᠳᠪᠦᠷᠢᠯᠡᠨ᠎ᠡ︔ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭᠠᠨ ᠤ ᠭᠠᠷᠠᠭ ᠤᠨ ᠲᠣᠬᠢᠷᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶ᠋ᠯᠡᠰ ᠤᠨ | ᠬᠥᠭᠵᠢᠯᠲᠡ ᠶᠢᠨ ᠲᠥᠪ ᠤᠨ ᠮᠥᠷᠳᠡᠨ ᠦᠶ᠋ᠯᠡᠴᠢᠯᠡᠬᠦ ᠬᠤᠶᠠᠷ ᠱᠠᠲᠤᠨ ᠤ ᠳᠠᠭᠠᠭᠠᠴᠢᠯᠠᠨ ᠪᠠᠲᠤᠯᠠᠬᠤ ᠲᠣᠭᠲᠠᠴᠠ᠂ ᠵᠢᠴᠢ ᠨᠢᠭᠡ ᠲᠥᠷᠥᠯ ᠵᠦᠶ᠋ᠯ᠂ ᠨᠢᠭᠡ ᠪᠦᠯᠬᠦᠮ | ᠂ ᠨᠢᠭᠡ ᠬᠤᠯᠪᠣᠭ᠎ᠠ ᠠᠪᠬᠤ ᠴᠤᠭᠯᠠᠷᠠᠯ ᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠢᠷᠤᠭ ᠡᠯᠭᠦᠨ ᠠᠵᠢᠯᠯᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ | ᠵᠢᠷᠤᠭ ᠢ ᠲᠣᠳᠣᠷᠬᠠᠶᠢᠯᠠᠨ᠂ ᠲᠥᠷᠥᠯ ᠵᠦᠶ᠋ᠯ ᠢᠶᠠᠨ ᠬᠠᠷᠠᠯᠲᠠᠵᠢᠭᠤᠯᠬᠤ᠂ ᠬᠠᠷᠠᠯᠲᠠ ᠪᠠᠨ ᠵᠠᠩᠭᠢᠶᠠᠰᠤᠵᠢᠭᠤᠯᠬᠤ᠂ ᠵᠠᠩᠭᠢᠶᠠᠰᠤ ᠪᠠᠨ ᠬᠠᠷᠢᠭᠤᠴᠠᠯᠭᠠᠵᠢᠭᠤᠯᠬᠤ ᠶᠢ | ᠪᠡᠶᠡᠯᠡᠭᠦᠯᠵᠦ᠂ ᠲᠥᠷᠥᠯ ᠵᠦᠶ᠋ᠯ ᠢ ᠲᠦᠷᠭᠡᠨ ᠠᠬᠢᠭᠤᠯᠬᠤ᠂ ᠲᠦᠷᠭᠡᠨ ᠪᠠᠶᠢᠭᠤᠯᠬᠤ᠂ ᠲᠦᠷᠭᠡᠨ ᠳᠠᠭᠤᠰᠬᠠᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ | ᠣᠯᠠᠨ ᠲᠦᠮᠡᠨ ᠢ ᠢᠳᠡᠪᠬᠢᠲᠡᠶ ᠪᠠᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠣᠷᠣᠯᠴᠠᠭᠤᠯᠵᠤ᠂ ᠨᠠᠩ ᠣᠯᠠᠨ ᠠᠵᠢᠯ ᠤᠨ | ᠪᠠᠶᠢᠷᠢ ᠬᠠᠩᠭᠠᠨ᠂ ᠵᠠᠮ ᠳᠠᠭᠠᠤ ᠶᠢᠨ ᠣᠷᠣᠯᠭ᠎ᠠ ᠪᠠᠭᠠᠲᠠᠶ ᠣᠯᠠᠨ ᠲᠦᠮᠡᠨ ᠢ ᠤᠷᠢᠳ ᠢᠶᠠᠷ ᠤᠷᠢᠨ ᠬᠡᠷᠡᠭᠯᠡᠵᠦ᠂ 2023 ᠣᠨ ᠤ 7 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠪᠥᠬᠦ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠬᠠᠮᠠᠭᠠᠯᠠᠬᠤ ᠬᠦᠷᠢᠶᠡᠨ ᠳᠤ 20509 ᠠᠵᠢᠯ ᠤᠨ ᠪᠠᠶᠢᠷᠢ ᠬᠠᠩᠭᠠᠪᠠ᠂ | ᠡᠭᠦᠨ ᠳᠤ 9369 ᠶᠠᠳᠠᠭᠤ ᠠᠴᠠ ᠠᠩᠭᠢᠵᠢᠷᠠᠭᠰᠠᠨ ᠡᠷᠦᠬᠡ ᠪᠠᠶᠢᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠨᠢ 1.4 ᠲᠦᠮᠡᠨ ᠲᠥᠭᠦᠷᠢᠭ ᠲᠤ ᠬᠦᠷᠴᠡᠶ | ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠷᠭᠡᠵᠢᠯ ᠤᠨ ᠪᠠᠶᠢᠳᠠᠯ ᠤᠨ ᠠᠦ᠋ᠲ᠋ᠣᠴᠢᠯᠠᠭᠰᠠᠨ ᠰᠢᠯᠭᠠᠨ ᠪᠠᠶᠢᠴᠠᠭᠠᠯᠲᠠ ᠰᠢᠯᠭᠠᠨ ᠲᠣᠭᠲᠠᠭᠠᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ 2022 ᠣᠨ ᠳᠤ᠂ ᠥᠪᠡᠷᠲᠡᠭᠡᠨ ᠵᠠᠰᠠᠬᠤ ᠣᠷᠣᠨ ᠠᠴᠠ 920 ᠲᠦᠮᠡᠨ ᠲᠥᠭᠦᠷᠢᠭ ᠤᠨ ᠪᠠᠯᠠ ᠮᠥᠩᠭᠦ | ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ 4.5 ᠲᠦᠮᠡᠨ ᠺᠢᠯᠣᠮᠧᠳ᠋ᠷ ᠵᠠᠰᠠᠮᠠᠯ ᠵᠠᠮ ᠤᠨ ᠠᠦ᠋ᠲ᠋ᠣᠴᠢᠯᠠᠭᠰᠠᠨ ᠰᠢᠯᠭᠠᠨ ᠪᠠᠶᠢᠴᠠᠭᠠᠯᠲᠠ ᠳᠤ ᠲᠤᠰᠬᠠᠶᠢᠯᠠᠨ | ᠬᠡᠷᠡᠭᠯᠡᠵᠦ᠂ 2023 ᠣᠨ ᠳᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠦ᠋ᠲ᠋ᠣᠴᠢᠯᠠᠭᠰᠠᠨ ᠰᠢᠯᠭᠠᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ | ᠥᠷᠨᠢᠭᠦᠯᠦᠨ᠎ᠡ᠃ ᠠᠷᠠᠴᠢᠯᠠᠨ ᠬᠠᠮᠠᠭᠠᠯᠠᠬᠤ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠳᠣᠬᠠᠨ ᠳᠤ᠂ ᠶᠡᠬᠡᠩᠬᠢ ᠬᠡᠰᠡᠭ ᠭᠠᠵᠠᠷ | ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠨᠢᠭᠡᠨᠲᠡ ᠵᠠᠬ᠎ᠠ ᠳᠡᠯᠭᠡᠭᠦᠷᠴᠢᠯᠡᠬᠦ ᠶᠢ ᠪᠡᠶᠡᠯᠡᠭᠦᠯᠵᠦ᠂ ᠲᠤᠰᠬᠠᠶ | ᠮᠡᠷᠭᠡᠵᠢᠯ ᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠪᠠᠶᠢᠴᠠᠭᠠᠨ ᠬᠡᠮᠵᠢᠬᠦ ᠠᠵᠤ ᠠᠬᠤᠶᠢᠯᠠᠯ ᠠᠴᠠ ᠬᠡᠷᠡᠭᠵᠢᠭᠦᠯᠦᠨ᠎ᠡ︔ ᠡᠳᠦᠷ | ᠲᠤᠲᠤᠮ ᠤᠨ ᠠᠷᠠᠴᠢᠯᠠᠨ ᠬᠠᠮᠠᠭᠠᠯᠠᠬᠤ ᠶᠢ ᠵᠠᠬ᠎ᠠ ᠳᠡᠯᠭᠡᠭᠦᠷᠴᠢᠯᠡᠬᠦ ᠶᠢ ᠶᠠᠭ ᠰᠦᠪᠡᠭᠴᠢᠯᠡᠨ ᠠᠬᠢᠭᠤᠯᠵᠤ ᠪᠠᠶᠢᠨ᠎ᠠ᠃ ᠵᠠᠮ ᠳᠠᠭᠠᠤ ᠶᠢᠨ ᠨᠣᠭᠤᠭᠠᠷᠠᠭᠤᠯᠤᠯᠲᠠ ᠵᠢᠴᠢ | ᠵᠠᠮ ᠳᠠᠭᠠᠤ ᠶᠢᠨ ᠲᠣᠰᠬᠤᠨ ᠪᠠᠯᠭᠠᠰᠤ ᠶᠢ ᠭᠤᠶᠤᠵᠢᠭᠤᠯᠬᠤ ᠢᠨᠵᠧᠨᠧᠷᠢᠩ ᠢ ᠦᠷᠭᠦᠯᠵᠢᠯᠡᠨ ᠥᠷᠨᠢᠭᠦᠯᠦᠨ᠎ᠡ᠃ 2023 - 08 - 29 09᠄ 59᠄ 00 | ᠬᠥᠲᠥᠯᠥᠭᠴᠢ᠄ | ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠤ | ᠦᠨᠳᠦᠰᠦᠨ ᠠᠰᠢᠭ ᠲᠤᠰᠠ ᠶᠢ ᠬᠠᠮᠠᠭᠠᠯᠠᠬᠤ ᠪᠠ ᠠᠷᠠᠳ ᠣᠯᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠣᠷᠢᠯᠲᠠ ᠪᠠ ᠲᠤᠰᠤᠯᠲᠠ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠵᠤ | ᠦᠶ᠋ᠯᠡᠰ ᠤᠨ ᠵᠠᠮ᠂ ᠪᠠᠶᠠᠵᠢᠯ ᠤᠨ ᠵᠠᠮ᠂ ᠵᠣᠯ ᠵᠢᠷᠭᠠᠯ ᠤᠨ ᠵᠠᠮ ᠪᠣᠯᠭᠠᠵᠤ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ | ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠷ ᠲᠠᠮᠵᠢᠨ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠠᠷᠭᠠᠰᠢ ᠯᠠᠪᠲᠠᠢ ᠨᠡᠩ ᠰᠠᠶᠢᠨ ᠰᠠᠶᠢᠬᠠᠨ | ᠪᠣᠯᠬᠤ ᠶᠢ ᠪᠢᠳᠡ ᠪᠠᠲᠤ ᠢᠲᠡᠭᠡᠵᠦ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠢᠩᠬᠢᠮ ᠤᠨ ᠳᠠᠷᠤᠭ᠎ᠠ ᠶᠢᠨ | ᠲᠠᠨᠢᠯᠴᠠᠭᠤᠯᠤᠭᠰᠠᠨ ᠳᠤ ᠪᠠᠶᠠᠷᠯᠠᠯ᠎ᠠ᠃ 2023 - 08 - 29 10᠄ 07᠄ 00 | ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠬᠥᠲᠥᠯᠥᠭᠴᠢ ᠪᠠ | ᠰᠦᠯᠵᠢᠶᠡᠨ ᠠᠨᠳᠠ ᠨᠠᠷ ᠲᠤ ᠲᠠᠯᠠᠷᠬᠠᠵᠤ ᠪᠠᠶᠢᠨ᠎ᠠ︕ 2023 - 08 - 29 10᠄ 08᠄ 00 | |