ᠨᠡᠷᠡᠨ ᠬᠤᠸᠠᠷ ᠬᠤᠷᠢᠶᠠᠭᠰᠠᠨ ᠤ ᠳᠠᠷᠠᠭᠠᠬᠢ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠭᠤᠣᠯᠳᠠᠯᠭ᠎ᠠ
ᠨᠡᠶᠢᠲᠡᠯᠡᠭᠰᠡᠨ ᠴᠠᠭ᠄
2023/12/27
      ᠨᠡᠷᠡᠨ ᠬᠤᠸᠠᠷ ᠢ ᠬᠤᠷᠢᠶᠠᠭᠰᠠᠨ ᠤ ᠳᠠᠷᠠᠭ᠎ᠠ ᠴᠠᠭ ᠲᠤᠬᠠᠢ ᠳᠤᠨᠢ ᠲᠠᠷᠢᠶᠠᠨ ᠭᠠᠵᠠᠷ ᠢ ᠴᠡᠪᠡᠷᠯᠡᠬᠦ᠂ ᠡᠰᠢ ᠰᠦᠷᠡᠯ ᠢ ᠲᠠᠷᠢᠶᠠᠨ ᠭᠠᠵᠠᠷ ᠠᠴᠠ ᠰᠠᠯᠭᠠᠬᠤ᠂ ᠬᠠᠭᠠᠯᠪᠤᠷᠢᠯᠠᠨ ᠤᠷᠪᠠᠭᠤᠯᠬᠤ ᠠᠵᠢᠯ ᠢ ᠥᠷᠨᠢᠭᠦᠯᠪᠡᠯ᠂ ᠡᠪᠦᠯᠵᠢᠬᠦ ᠡᠪᠡᠳᠴᠢᠨ ᠤ ᠪᠠᠺᠲ᠋ᠧᠷᠢ ᠶᠢᠨ ᠲᠤᠭ᠎ᠠ ᠬᠡᠮᠵᠢᠶ᠎ᠡ ᠶᠢ ᠪᠦᠲᠦᠮᠵᠢᠲᠡᠶ ᠪᠠᠭᠠᠰᠬᠠᠵᠤ᠂ ᠢᠯᠠᠩᠭᠤᠶ᠎ᠠ ᠨᠡᠷᠡᠨ ᠬᠤᠸᠠᠷ ᠤᠨ ᠪᠠᠺᠲ᠋ᠧᠷᠢ ᠶᠢᠨ ᠴᠥᠮ᠎ᠡ ᠶᠢᠨ ᠦᠯᠡᠳᠡᠭᠳᠡᠯ ᠤᠨ ᠬᠡᠮᠵᠢᠶ᠎ᠡ ᠶᠢ ᠪᠠᠭᠠᠰᠬᠠᠵᠤ᠂ ᠳᠠᠷᠠᠭ᠎ᠠ ᠵᠢᠯ ᠤᠨ ᠡᠪᠡᠳᠴᠢᠨ ᠤ ᠪᠠᠺᠲ᠋ᠧᠷᠢ ᠶᠢᠨ ᠬᠥᠨᠥᠭᠡᠯ ᠤᠨ ᠬᠡᠮᠵᠢᠶ᠎ᠡ ᠶᠢ ᠪᠠᠭᠠᠰᠬᠠᠵᠤ᠂ ᠳᠠᠷᠠᠭ᠎ᠠ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ ᠴᠢᠳᠠᠨ᠎ᠠ᠂ ᠪᠣᠳᠠᠲᠠᠢ ᠬᠠᠮᠢᠶᠠᠷᠤᠯᠲᠠ ᠶᠢᠨ ᠭᠤᠣᠯᠳᠠᠯᠭ᠎ᠠ ᠨᠢ ᠳᠣᠣᠷᠠᠬᠢ ᠮᠡᠲᠦ᠄      ᠨᠢᠭᠡ᠂ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ       ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨ ᠢ ᠠᠰᠢᠭᠯᠠᠨ ᠦᠯᠡᠳᠡᠭᠳᠡᠯ ᠰᠦᠯᠢᠶᠥᠦ ᠪᠦᠷᠬᠦᠪᠴᠢ᠂ ᠳᠤᠰᠤᠯᠭᠠᠨ ᠤᠰᠤᠯᠠᠬᠤ ᠬᠤᠭᠤᠯᠠᠢ ᠶᠢᠨ ᠪᠦᠰᠡ ᠶᠢ ᠴᠡᠪᠡᠷᠯᠡᠵᠦ᠂ ᠲᠠᠷᠢᠶᠠᠨ ᠭᠠᠵᠠᠷ ᠤᠨ ᠤᠯᠠᠨ ᠡᠬᠢᠲᠦ ᠪᠣᠬᠢᠷᠲᠤᠯ ᠢ ᠪᠠᠭᠠᠰᠬᠠᠨ᠎ᠠ᠃      ᠬᠤᠶᠠᠷ᠂ ᠡᠰᠢ ᠰᠦᠷᠡᠯ ᠢ ᠲᠠᠷᠢᠶᠠᠨ ᠭᠠᠵᠠᠷ ᠠᠴᠠ ᠰᠠᠯᠭᠠᠬᠤ      ᠲᠤᠬᠠᠢ ᠶᠢᠨ ᠭᠠᠵᠠᠷ ᠤᠨ ᠦᠢᠯᠡᠳᠪᠦᠷᠢᠯᠡᠯ ᠤᠨ ᠨᠥᠬᠦᠴᠡᠯ ᠲᠠᠢ ᠤᠶᠠᠯᠳᠤᠭᠤᠯᠤᠨ᠂ ᠲᠠᠷᠢᠶᠠᠯᠠᠩ ᠤᠨ ᠮᠠᠰᠢᠨ ᠤ ᠠᠷᠤ ᠲᠠᠯ᠎ᠠ ᠶᠢᠨ ᠬᠡᠷᠴᠢᠭᠦᠷ ᠢ ᠠᠰᠢᠭᠯᠠᠨ ᠨᠡᠷᠡᠨ ᠬᠤᠸᠠᠷ ᠤᠨ ᠡᠰᠢ ᠰᠦᠷᠡᠯ ᠢ ᠬᠡᠷᠴᠢᠭᠰᠡᠨ ᠤ ᠳᠠᠷᠠᠭ᠎ᠠ᠂ ᠬᠥᠮᠥᠨ ᠤ ᠬᠦᠴᠦ ᠪᠠᠷ ᠬᠤᠷᠢᠶᠠᠨ ᠴᠤᠭᠯᠠᠭᠤᠯᠵᠤ᠂ ᠲᠠᠷᠢᠶᠠᠨ ᠭᠠᠵᠠᠷ ᠠᠴᠠ ᠴᠡᠪᠡᠷᠯᠡᠨ ᠭᠠᠷᠭᠠᠵᠤ ᠪᠣᠯᠣᠨ᠎ᠠ︔ ᠪᠠᠰᠠ ᠡᠰᠢ ᠰᠦᠷᠡᠯ ᠢ ᠪᠣᠭᠤᠵᠢᠯᠠᠬᠤ ᠮᠠᠰᠢᠨ ᠢᠶᠠᠷ ᠨᠡᠷᠡᠨ ᠬᠤᠸᠠᠷ ᠤᠨ ᠡᠰᠢ ᠰᠦᠷᠡᠯ ᠢ ᠬᠤᠷᠢᠶᠠᠵᠤ ᠪᠣᠭᠤᠵᠢᠯᠠᠨ ᠲᠠᠷᠢᠶᠠᠨ ᠠᠴᠠ ᠰᠠᠯᠭᠠᠵᠤ ᠪᠣᠯᠣᠨ᠎ᠠ︔ ᠨᠥᠬᠦᠴᠡᠯ ᠲᠠᠢ ᠭᠠᠵᠠᠷ ᠣᠷᠣᠨ ᠨᠢ ᠨᠡᠷᠡᠨ ᠬᠤᠸᠠᠷ ᠤᠨ ᠡᠰᠢ ᠰᠦᠷᠡᠯ ᠢ ᠨᠡᠭᠦᠷᠡᠰᠦᠵᠢᠭᠦᠯᠦᠨ ᠪᠣᠷᠳᠣᠭᠤᠷ ᠦᠢᠯᠡᠳᠬᠦ ᠠᠵᠤ ᠠᠬᠤᠶᠢᠯᠠᠯ ᠲᠠᠢ ᠬᠠᠷᠢᠯᠴᠠᠵᠤ᠂ ᠨᠡᠷᠡᠨ ᠬᠤᠸᠠᠷ ᠤᠨ ᠡᠰᠢ ᠰᠦᠷᠡᠯ ᠢ ᠬᠤᠷᠢᠶᠠᠨ ᠠᠪᠴᠤ ᠲᠠᠷᠢᠶᠠᠨ ᠭᠠᠵᠠᠷ ᠠᠴᠠ ᠰᠠᠯᠭᠠᠬᠤ ᠶᠢ ᠴᠠᠭ ᠲᠤᠬᠠᠢ ᠳᠤᠨᠢ ᠬᠠᠪᠰᠤᠷᠤᠨ ᠥᠷᠨᠢᠭᠦᠯᠵᠦ᠂ ᠲᠠᠷᠢᠶᠠᠴᠢᠨ ᠡᠷᠦᠬᠡ ᠶᠢᠨ ᠬᠥᠮᠥᠨ ᠤ ᠬᠦᠴᠦ᠂ ᠲᠠᠷᠢᠶᠠᠯᠠᠩ ᠤᠨ ᠮᠠᠰᠢᠨ ᠤ ᠥᠪᠡᠷ ᠤᠨ ᠥᠷᠲᠡᠭ ᠤᠨ ᠣᠷᠣᠭᠤᠯᠤᠯᠲᠠ ᠶᠢ ᠪᠠᠭᠠᠰᠬᠠᠨ᠎ᠠ᠃       ᠭᠤᠷᠪᠠ᠂ ᠳᠠᠷᠢᠶᠠᠨ ᠭᠠᠵᠠᠷ ᠢ ᠬᠠᠭᠠᠯᠪᠤᠷᠢᠯᠠᠨ ᠤᠷᠪᠠᠭᠤᠯᠬᠤ       ᠲᠠᠷᠢᠶᠠᠨ ᠭᠠᠵᠠᠷ ᠢ ᠴᠡᠪᠡᠷᠯᠡᠭᠰᠡᠨ ᠤ ᠳᠠᠷᠠᠭ᠎ᠠ᠂ ᠭᠠᠵᠠᠷ ᠰᠢᠷᠣᠢ ᠬᠦᠯᠳᠡᠨ ᠪᠢᠲᠡᠭᠦᠮᠵᠢᠯᠡᠬᠦ ᠠᠴᠠ ᠡᠮᠦᠨ᠎ᠡ ᠭᠠᠵᠠᠷ ᠲᠡᠭᠰᠢᠯᠡᠬᠦ ᠬᠠᠮᠲᠤᠷᠠᠭᠰᠠᠨ ᠮᠠᠰᠢᠨ ᠢ ᠴᠠᠭ ᠲᠤᠬᠠᠢ ᠳᠤᠨᠢ ᠬᠡᠷᠡᠭᠯᠡᠨ ᠭᠠᠵᠠᠷ ᠰᠢᠷᠣᠢ ᠶᠢ ᠬᠠᠭᠠᠯᠪᠤᠷᠢᠯᠠᠵᠤ ᠭᠤᠤᠷᠰᠤ ᠠᠷᠢᠯᠭᠠᠬᠤ ᠬᠡᠷᠡᠭᠲᠡᠢ᠃ ᠮᠥᠯᠵᠢᠨ ᠠᠮᠢᠳᠤᠷᠠᠬᠤ ᠴᠢᠨᠠᠷᠲᠠᠢ ᠡᠯᠳᠡᠪ ᠡᠪᠡᠰᠦᠨ ᠤ ᠦᠷ᠎ᠡ᠂ ᠡᠪᠡᠳᠴᠢᠨ ᠡᠭᠦᠰᠬᠡᠭᠴᠢ ᠪᠠᠺᠲ᠋ᠧᠷᠢ ᠵᠡᠷᠭᠡ ᠶᠢ ᠲᠠᠷᠢᠶᠠᠨ ᠳᠠᠪᠬᠤᠷᠭ᠎ᠠ ᠠᠴᠠ ᠳᠣᠣᠷ᠎ᠠ ᠪᠣᠯᠲᠠᠯ᠎ᠠ ᠭᠦᠨ ᠤᠷᠪᠠᠭᠤᠯᠵᠤ᠂ ᠢᠷᠡᠬᠦ ᠵᠢᠯ ᠤᠨ ᠡᠪᠡᠳᠴᠢᠨ ᠬᠤᠷᠣᠬᠠᠢ ᠡᠪᠡᠰᠦᠨ ᠤ ᠬᠥᠨᠥᠭᠡᠯ ᠤᠨ ᠡᠭᠦᠰᠬᠦ ᠬᠡᠮᠵᠢᠶ᠎ᠡ ᠶᠢ ᠪᠠᠭᠠᠰᠬᠠᠨ᠎ᠠ᠃ ᠶᠡᠷᠦ ᠳᠡᠭᠡᠨ 2-3 ᠵᠢᠯ ᠳᠤ ᠨᠢᠭᠡ ᠤᠳᠠᠭ᠎ᠠ ᠭᠦᠨ ᠤᠷᠪᠠᠭᠤᠯᠵᠤ᠂ ᠭᠦᠨ ᠤ ᠬᠡᠮᠵᠢᠶ᠎ᠡ ᠨᠢ 25cm ᠠᠴᠠ ᠳᠡᠭᠡᠭᠰᠢ ᠪᠠᠶᠢᠳᠠᠭ᠃    
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ