ᠰᠢᠨᠬᠤᠸᠠ ᠬᠤᠷᠢᠶ᠎ᠠ ᠶᠢᠨ ᠱᠠᠩᠬᠠᠢ \ ᠵᠢᠶᠠᠩᠰᠤ ᠶᠢᠨ ᠶᠠᠨᠴᠧᠩ ᠤᠨ 12 ᠰᠠᠷ᠎ᠠ ᠶᠢᠨ 3 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠱᠠᠩᠬᠠᠢ ᠳᠤ | ᠰᠢᠨᠵᠢᠯᠡᠨ ᠪᠠᠶᠢᠴᠠᠭᠠᠬᠤ ᠳᠠᠭᠠᠨ᠂ ᠱᠠᠩᠬᠠᠢ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ ᠲᠠᠯ᠎ᠠ ᠪᠠᠷ | ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠲᠣᠭᠤᠷᠢᠨ ᠳᠤ᠂ ᠤᠯᠠᠨ | ᠤᠯᠤᠰ ᠤᠨ ᠠᠵᠤ ᠠᠬᠤᠢ ᠶᠢᠨ ᠲᠥᠪ᠂ ᠮᠥᠩᠭᠦᠨ ᠭᠦᠢᠯᠭᠡᠭᠡᠨ ᠤ ᠲᠥᠪ᠂ ᠠᠷᠠᠯᠵᠢᠶᠠᠨ ᠤ ᠲᠥᠪ᠂ ᠠᠭᠠᠷ ᠤᠨ ᠲᠡᠭᠡᠭᠡᠪᠦᠷᠢ ᠶᠢᠨ ᠲᠥᠪ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠤᠯᠭᠠᠵᠤ᠂ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠷ ᠤᠳᠤᠷᠢᠳᠤᠮᠵᠢ ᠪᠤᠯᠭᠠᠵᠤ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠪᠠᠷ ᠪᠠᠲᠤᠯᠠᠭ᠎ᠠ ᠪᠤᠯᠭᠠᠵᠤ᠂ | ᠵᠣᠷᠢᠭᠲᠠᠢ ᠪᠠᠷ ᠵᠠᠮ ᠨᠡᠭᠡᠭᠡᠨ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠳᠡᠯᠡᠬᠡᠢ ᠶᠢᠨ ᠨᠥᠯᠥᠭᠡᠯᠡᠬᠦ ᠬᠦᠴᠦᠨ ᠪᠦᠬᠦᠢ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠠᠨ ᠤᠯᠤᠰ ᠤᠨ ᠲᠣᠮᠣ ᠬᠤᠳᠠ ᠶᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠳᠤᠮᠳᠠ ᠳᠠᠭᠠᠭᠤᠯᠤᠨ ᠳᠠᠶᠢᠴᠢᠯᠠᠬᠤ ᠪᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 11 ᠰᠠᠷ᠎ᠠ ᠶᠢᠨ 28 ᠠᠴᠠ 12 ᠰᠠᠷ᠎ᠠ ᠶᠢᠨ 2 ᠤᠨ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ ᠶᠢᠨ ᠭᠡᠰᠢᠭᠦᠨ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠪᠣᠯᠣᠨ ᠬᠤᠲᠠ ᠶᠢᠨ ᠳᠠᠷᠤᠭ᠎ᠠ ᠭᠦᠩ ᠵᠧᠩ ᠤᠨ ᠪᠠᠷ᠎ᠠ | ᠪᠤᠯᠣᠯᠭ᠎ᠠ ᠲᠠᠢ ᠪᠠᠷ ᠤᠷᠢᠳ ᠬᠤᠵᠢᠳ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ | ᠲᠣᠭᠤᠷᠢᠭ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠵᠡᠷᠭᠡ ᠶᠢ ᠪᠠᠶᠢᠴᠠᠭᠠᠨ ᠰᠤᠳᠤᠯᠪᠠ᠃ | 28 ᠤ ᠦᠳᠡ ᠶᠢᠨ ᠬᠤᠶᠢᠨ᠎ᠠ᠂ ᠰᠢ ᠶᠢᠨ ᠫᠢᠩ ᠭᠠᠯᠲᠤ ᠲᠡᠷᠭᠡᠨ ᠠᠴᠠ ᠪᠠᠭᠤᠮᠠᠭᠴᠠ ᠱᠠᠩᠬᠠᠢ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠲᠤ | ᠬᠦᠷᠴᠦ ᠰᠢᠨᠵᠢᠯᠡᠨ ᠪᠠᠶᠢᠴᠠᠭᠠᠪᠠ᠃ | ᠲᠡᠷᠡ ᠡᠯᠧᠺᠲᠷᠤᠨ ᠳᠡᠯᠭᠡᠴᠡ ᠪᠠ ᠵᠠᠬ᠎ᠠ ᠳᠡᠯᠭᠡᠭᠦᠷ ᠲᠤ ᠭᠠᠷᠭᠠᠭᠰᠠᠨ ᠴᠢᠬᠤᠯᠠ ᠲᠥᠷᠥᠯ ᠵᠦᠢᠯ ᠤᠨ ᠰᠢᠯᠵᠢᠭᠦᠯᠦᠨ ᠲᠤᠰᠢᠶᠠᠬᠤ ᠡᠳ᠋ ᠤᠨ ᠦᠵᠡᠭᠦᠯᠭᠡ ᠲᠠᠢ | ᠤᠶᠠᠯᠳᠤᠭᠤᠯᠤᠨ᠂ ᠠᠷᠠᠯᠵᠢᠶᠠᠨ ᠤ ᠭᠠᠵᠠᠷ ᠤᠨ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠴᠢᠩᠭᠠᠳᠬᠠᠭᠰᠠᠨ᠂ ᠪᠣᠳᠠᠲᠤ | ᠴᠣᠭᠴᠠ ᠶᠢᠨ ᠠᠵᠤ ᠠᠬᠤᠢ ᠪᠠ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠠᠷᠠᠯᠵᠢᠶᠠᠨ ᠤ | ᠭᠠᠵᠠᠷ ᠤᠨ ᠡᠳᠦᠷ ᠲᠤᠲᠤᠮ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠰᠢᠯᠵᠢᠭᠦᠯᠦᠨ ᠲᠤᠰᠢᠶᠠᠵᠤ ᠲᠡᠰᠦᠯᠦᠨ ᠪᠤᠳᠤᠬᠤ ᠵᠡᠷᠭᠡ ᠵᠦᠢᠯᠡᠰ ᠢ ᠣᠶᠢᠯᠠᠭᠠᠪᠠ᠃ | ᠰᠢ ᠶᠢᠨ ᠫᠢᠩ᠂ ᠱᠠᠩᠬᠠᠢ ᠶᠢᠨ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠢ ᠪᠦᠲᠦᠭᠡᠨ ᠪᠠᠶᠢᠭᠤᠯᠬᠤ ᠬᠠᠷᠠᠯᠲᠠ ᠵᠥᠪ ᠣᠨᠣᠪᠴᠢᠲᠠᠢ᠂ ᠠᠯᠬᠤᠭ᠎ᠠ | ᠯᠠᠪᠳᠠᠭᠤᠨ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠂ ᠱᠠᠩᠬᠠᠢ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ ᠬᠢᠨ ᠳᠡᠯᠡᠬᠡᠢ ᠶᠢᠨ ᠲᠡᠷᠢᠭᠦᠨ | ᠵᠡᠷᠭᠡ ᠶᠢᠨ ᠠᠷᠠᠯᠵᠢᠶᠠᠨ ᠤ ᠭᠠᠵᠠᠷ ᠢ ᠲᠦᠷᠭᠡᠳᠬᠡᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠤᠭᠤᠴᠠᠭᠠᠲᠤ ᠪᠠᠷᠠᠭᠠᠨ ᠤ ᠬᠢᠨᠠᠯᠲᠠ | ᠬᠠᠮᠢᠶᠠᠷᠤᠯᠲᠠ ᠶᠢᠨ ᠳᠦᠷᠢᠮ ᠪᠣᠯᠣᠨ ᠲᠤᠬᠠᠶᠢᠯᠠᠭᠰᠠᠨ ᠠᠵᠢᠯ ᠤᠨ ᠵᠠᠭᠪᠤᠷ ᠢ ᠬᠠᠶᠢᠨ ᠰᠦᠪᠡᠭᠴᠢᠯᠡᠵᠦ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠢ | ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠮᠠᠰᠢᠨ ᠲᠡᠷᠭᠡᠨ ᠳᠤ ᠰᠠᠭᠤᠵᠤ ᠫᠦᠳᠦᠩ ᠰᠢᠨ᠎ᠡ ᠲᠣᠭᠤᠷᠢᠭ ᠤᠨ ᠵᠠᠩ ᠵᠢᠶᠠᠩ ᠰᠢᠨᠵᠢᠯᠡᠬᠦ ᠤᠬᠠᠭᠠᠨ ᠤ ᠬᠤᠳᠠ ᠳᠤ ᠬᠦᠷᠴᠦ᠂ | ᠱᠠᠩᠬᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠲᠡᠷᠡ ᠸᠢᠳᠢᠤ᠋ | ᠣᠬᠤᠷ ᠹᠢᠯᠢᠮ ᠲᠠᠢ ᠤᠶᠠᠯᠳᠤᠭᠤᠯᠤᠨ ᠱᠠᠩᠬᠠᠢ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠦᠬᠦᠯᠢ ᠴᠣᠭᠴᠠ ᠶᠢᠨ ᠪᠠᠶᠢᠳᠠᠯ ᠢ | ᠣᠶᠢᠯᠠᠭᠠᠵᠤ᠂ ᠦᠵᠡᠭᠦᠯᠭᠡ ᠶᠢᠨ ᠲᠢᠩᠬᠢᠮ ᠳᠤ ᠬᠦᠷᠴᠦ ᠰᠠᠭᠤᠷᠢ ᠰᠤᠳᠤᠯᠭᠠᠨ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ | ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠨᠠᠷᠢᠨ ᠪᠠᠶᠢᠴᠠᠭᠠᠨ ᠦᠵᠡᠬᠦ ᠶᠢᠨ ᠬᠠᠮᠲᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠴᠢᠳᠠᠪᠤᠷᠢᠲᠠᠨ ᠤ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠂ ᠱᠠᠩᠬᠠᠢ ᠶᠢᠨ ᠬᠢᠨ ᠡᠨᠡ ᠲᠠᠯ᠎ᠠ ᠪᠠᠷ ᠰᠠᠶᠢᠨ ᠳᠠᠭᠠᠭᠤᠯᠤᠭᠴᠢ ᠪᠣᠯᠵᠤ᠂ ᠪᠦᠭᠦ | ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠤᠯᠬᠤ ᠲᠡᠶᠢᠰᠢ ᠲᠦᠷᠭᠡᠨ | ᠤᠷᠤᠭᠰᠢᠯᠠᠬᠤ ᠬᠡᠷᠡᠭᠲᠡᠢ᠃ ᠬᠡᠬᠦᠳᠡᠭ ᠴᠡᠭᠡᠵᠢᠨ ᠳᠡᠭᠡᠨ ᠡᠭᠦᠷᠭᠡᠲᠦ ᠪᠤᠳᠤᠯ ᠡᠪᠦᠷᠯᠡᠭᠰᠡᠨ ᠦᠯᠡᠮᠵᠢ ᠤᠯᠠᠨ ᠬᠤᠰᠢᠭᠤᠴᠢ ᠴᠢᠳᠠᠪᠤᠷᠢᠲᠠᠨ ᠢ ᠬᠦᠴᠦᠯᠡᠨ | ᠬᠥᠮᠥᠵᠢᠭᠦᠯᠵᠦ᠂ ᠲᠡᠳᠡᠨ ᠤ ᠤᠶᠤᠨ ᠤᠬᠠᠭᠠᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠣᠶᠢᠷ᠎ᠠ ᠶᠢᠨ ᠵᠢᠯ ᠳᠤ᠂ ᠱᠠᠩᠬᠠᠢ ᠬᠤᠲᠠ ᠶᠢᠨ ᠬᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠᠨ | ᠲᠦᠷᠭᠡᠳᠬᠡᠵᠦ᠂ ᠮᠠᠰᠢ ᠤᠯᠠᠨ ᠱᠠᠩᠬᠠᠢ ᠶᠢᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠪᠣᠯᠣᠨ ᠨᠢᠭᠡᠳᠦᠭᠡᠷ ᠹᠷᠣᠨᠲ ᠲᠤ ᠬᠦᠴᠦ ᠶᠠᠪᠤᠭᠴᠢ ᠳᠤ ᠣᠷᠣᠨ | ᠰᠠᠭᠤᠴᠠ ᠶᠢᠨ ᠪᠠᠲᠤᠯᠠᠭ᠎ᠠ ᠬᠠᠩᠭᠠᠵᠠᠢ᠃ 29 ᠤ ᠦᠳᠡ ᠶᠢᠨ ᠬᠤᠶᠢᠨ᠎ᠠ᠂ ᠰᠢ ᠶᠢᠨ ᠫᠢᠩ ᠮᠢᠨ ᠬᠠᠩ ᠲᠣᠭᠤᠷᠢᠭ ᠤᠨ ᠰᠢᠨ᠎ᠡ ᠴᠠᠭ ᠦᠶ᠎ᠡ ᠶᠢᠨ ᠬᠤᠲᠠ ᠶᠢᠨ | ᠪᠦᠲᠦᠭᠡᠨ ᠪᠠᠶᠢᠭᠤᠯᠤᠭᠴᠢ ᠬᠠᠮᠢᠶᠠᠷᠤᠭᠴᠢ ᠶᠢᠨ ᠭᠡᠷ ᠣᠷᠣᠨ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠬᠠᠢ ᠶᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠪᠡᠯᠡᠳᠬᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠨᠢᠭᠡ ᠣᠷᠣ᠂ ᠨᠢᠭᠡ ᠲᠠᠰᠤᠯᠭ᠎ᠠ ᠭᠡᠷ᠂ ᠨᠢᠭᠡ ᠢᠵᠢ ᠭᠡᠷ︾ | ᠵᠡᠷᠭᠡ ᠣᠯᠠᠨ ᠲᠠᠰ ᠳᠠᠪᠬᠤᠷᠭ᠎ᠠ ᠶᠢᠨ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠤᠭᠠᠳ ᠰᠢ ᠶᠢᠨ ᠫᠢᠩ ᠭᠦᠢᠴᠡᠳ ᠨᠤᠲᠠᠯᠠᠪᠠ᠃ ᠲᠡᠷᠡ ᠤᠷᠢᠳ ᠬᠤᠵᠢᠳ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠭᠡᠯᠪᠡᠷᠢ ᠶᠢᠨ᠂ ᠪᠠᠶᠢᠷᠢ ᠶᠢᠨ | ᠭᠡᠯᠪᠡᠷᠢ ᠶᠢᠨ ᠲᠦᠷᠢᠶᠡᠰᠦᠨ ᠭᠡᠷ ᠤᠨ ᠢᠷᠡᠯᠲᠡ ᠶᠢᠨ ᠲᠦᠷᠢᠶᠡᠰᠦᠨ ᠡᠷᠦᠭᠡ ᠶᠢᠨ ᠣᠷᠣᠨ ᠰᠠᠭᠤᠴᠠ ᠪᠣᠯᠣᠨ ᠤᠯᠠᠨ ᠨᠡᠶᠢᠲᠡ ᠶᠢᠨ ᠲᠣᠭᠤᠭᠠᠨ ᠭᠡᠷ᠂ ᠤᠯᠠᠨ | ᠨᠡᠶᠢᠲᠡ ᠶᠢᠨ ᠬᠤᠪᠴᠠᠰᠤ ᠤᠬᠢᠶᠠᠬᠤ ᠭᠡᠷ ᠵᠡᠷᠭᠡ ᠬᠠᠮᠲᠤ ᠪᠠᠷ ᠡᠳ᠋ᠯᠡᠬᠦ ᠣᠷᠣᠨ ᠵᠠᠢ ᠳᠤ ᠬᠦᠷᠴᠦ᠂ ᠠᠳᠡ ᠰᠠᠭᠤᠵᠤ ᠪᠠᠶᠢᠭ᠎ᠠ ᠬᠤᠳᠠ ᠶᠢᠨ ᠨᠢᠭᠡᠳᠦᠭᠡᠷ ᠹᠷᠣᠨᠲ ᠤᠨ | ᠠᠵᠢᠯᠲᠠᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠠᠯᠠᠮᠵᠢᠯᠠᠯ ᠨᠢ ᠲᠤᠬᠠᠢ ᠶᠢᠨ ᠲᠠᠯᠠᠪᠠᠢ ᠳᠤ ᠪᠠᠶᠢᠭᠰᠠᠨ | ᠬᠥᠮᠥᠰ ᠤᠨ ᠰᠡᠳᠬᠢᠯ ᠢ ᠳᠣᠭᠳᠣᠯᠤᠭᠤᠯᠪᠠ᠃ ᠠᠶᠠᠷᠯᠠᠬᠤ ᠦᠶ᠎ᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ | ᠢᠷᠡᠵᠦ ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ᠃ | ᠰᠢ ᠶᠢᠨ ᠫᠢᠩ᠂ ᠳᠥᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠪᠦᠲᠦᠭᠡᠨ ᠪᠠᠶᠢᠭᠤᠯᠤᠭᠴᠢᠳ ᠠᠳᠡ ᠠᠮᠤᠷ ᠵᠢᠮᠤᠷ ᠠᠵᠤ ᠲᠥᠷᠥᠵᠦ ᠪᠠᠶᠢᠬᠤ ᠶᠢ | ᠬᠠᠷᠠᠭᠠᠳ ᠮᠠᠰᠢ ᠪᠠᠶᠠᠷᠯᠠᠵᠤ ᠪᠠᠶᠢᠨ᠎ᠠ᠃ ᠬᠤᠳᠠ ᠨᠢ ᠥᠨᠳᠥᠷᠴᠡ ᠲᠠᠢ ᠪᠠᠶᠢᠬᠤ ᠪᠥᠭᠡᠳ ᠨᠡᠩ ᠴᠤ ᠳᠤᠯᠠᠭᠠᠴᠠ ᠲᠠᠢ ᠪᠠᠶᠢᠬᠤ ᠬᠡᠷᠡᠭᠲᠡᠢ᠃ ᠮᠠᠨ ᠤ ᠨᠡᠶᠢᠭᠡᠮ ᠵᠢᠷᠤᠮ | ᠪᠣᠯ ᠬᠠᠮᠲᠤ ᠪᠠᠷ ᠪᠠᠶᠠᠵᠢᠬᠤ ᠵᠡᠮ ᠢᠶᠠᠷ ᠵᠠᠮᠨᠠᠨ᠎ᠠ᠃ ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠱᠠᠩᠬᠠᠢ ᠳᠤ ᠢᠷᠡᠵᠦ ᠬᠤᠪᠢ ᠨᠡᠮᠡᠷᠢ ᠦᠵᠡᠭᠦᠯᠵᠦ ᠪᠠᠶᠢᠭ᠎ᠠ ᠨᠢ | ᠮᠥᠨ ᠴᠦ ᠠᠳᠠᠯᠢᠬᠠᠨ ᠢᠶᠠᠷ ᠬᠤᠲᠠ ᠶᠢᠨ ᠡᠵᠡᠨ ᠮᠥᠨ᠃ ᠠᠷᠠᠳ ᠤᠨ ᠬᠤᠳᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠤᠯᠠᠨ ᠤ ᠣᠷᠣᠨ | ᠰᠠᠭᠤᠴᠠ ᠶᠢᠨ ᠲᠠᠯ᠎ᠠ ᠪᠠᠷ ᠬᠢ ᠤᠯᠠᠨ ᠶᠠᠩᠵᠤᠴᠢᠯᠠᠭᠰᠠᠨ᠂ ᠤᠯᠠᠨ ᠡᠰᠢᠴᠢᠯᠡᠭᠰᠡᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠭᠠᠳᠠᠨ᠎ᠠ ᠠᠴᠠ ᠢᠷᠡᠭᠰᠡᠨ | ᠬᠥᠮᠥᠨ ᠠᠮᠠ ᠶᠢᠨ ᠣᠷᠣᠵᠤ ᠢᠷᠡᠬᠦ᠂ ᠦᠯᠡᠳᠡᠵᠦ ᠳᠡᠶᠢᠯᠭᠦ᠂ ᠠᠮᠤᠷ ᠲᠠᠶᠢᠪᠤᠩ ᠰᠠᠭᠤᠷᠢᠰᠢᠬᠤ᠂ ᠦᠢᠯᠡᠰ ᠪᠣᠰᠬᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ | ᠭᠡᠵᠦ ᠬᠡᠯᠡᠪᠡ᠃ | 12 ᠰᠠᠷ᠎ᠠ ᠶᠢᠨ 1 ᠤ ᠦᠳᠡ ᠶᠢᠨ ᠡᠮᠦᠨ᠎ᠡ᠂ ᠰᠢ ᠶᠢᠨ ᠫᠢᠩ ᠱᠠᠩᠬᠠᠢ ᠬᠤᠳᠠ ᠶᠢᠨ ᠨᠠᠮ ᠤᠨ ᠬᠤᠷᠢᠶ᠎ᠠ ᠪᠣᠯᠣᠨ ᠬᠤᠳᠠ ᠶᠢᠨ ᠵᠠᠰᠠᠭ ᠤᠨ ᠣᠷᠳᠣᠨ ᠤ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠩᠬᠠᠢ ᠶᠢᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ︽ᠲᠠᠪᠤᠨ ᠲᠥᠪ︾ ᠢ ᠲᠦᠷᠭᠡᠳᠬᠡᠨ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠱᠠᠩᠬᠠᠢ ᠳᠤ ᠳᠠᠭᠠᠭᠠᠯᠭᠠᠭᠰᠠᠨ | ᠴᠢᠬᠤᠯᠠ ᠡᠭᠦᠷᠭᠡ ᠪᠣᠯᠣᠨ᠎ᠠ᠃ ᠱᠠᠩᠬᠠᠢ ᠶᠢᠨ ᠬᠢᠨ ᠡᠭᠦᠨ ᠢᠶᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠠᠶᠢᠴᠢᠯᠠᠵᠤ᠂ ᠪᠦᠬᠦᠯᠢ ᠴᠣᠭᠴᠠ ᠪᠠᠷ ᠲᠥᠯᠥᠪᠵᠢᠭᠦᠯᠬᠦ᠂ ᠬᠠᠮᠵᠢᠯᠴᠠᠨ ᠠᠬᠢᠭᠤᠯᠬᠤ᠂ | ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠵᠤ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠬᠤᠳᠠ ᠶᠢᠨ ᠴᠢᠳᠠᠪᠬᠢ ᠶᠢᠨ ᠲᠡᠰ ᠪᠣᠯᠣᠨ ᠭᠤᠣᠯᠯᠠᠭᠴᠢ | ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ | ᠪᠤᠯᠭᠠᠵᠤ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠳᠡᠯᠡᠬᠡᠢ ᠶᠢᠨ ᠲᠡᠰ ᠤᠨ ᠳᠡᠭᠡᠳᠦ ᠲᠡᠰ ᠤᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠤᠶᠢᠵᠢᠭᠤᠯᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠠᠨ ᠤᠯᠤᠰ ᠤᠨ ᠠᠵᠤ ᠠᠬᠤᠢ ᠶᠢᠨ ᠲᠥᠪ ᠤᠨ ᠪᠠᠶᠢᠷᠢ ᠰᠠᠭᠤᠷᠢ ᠪᠣᠯᠣᠨ | ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠳᠤ ᠦᠶ᠎ᠡ ᠶᠢᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠣᠯᠣᠨ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠲᠦᠪᠰᠢᠨ | ᠪᠦᠬᠦᠢ ᠮᠥᠩᠭᠦᠨ ᠭᠦᠢᠯᠭᠡᠭᠡᠨ ᠤ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠠᠨ ᠤᠯᠤᠰ ᠤᠨ | ᠠᠷᠠᠯᠵᠢᠶᠠᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠳᠡᠭᠡᠳᠦ ᠲᠡᠰ ᠤᠨ ᠤᠰᠤᠨ ᠵᠠᠮ ᠤᠨ ᠲᠡᠭᠡᠭᠡᠪᠦᠷᠢ ᠶᠢᠨ | ᠦᠢᠯᠡᠴᠢᠯᠡᠭᠡ ᠵᠡᠷᠭᠡ ᠲᠠᠯ᠎ᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠤᠰᠤᠨ ᠵᠠᠮ ᠤᠨ ᠲᠡᠭᠡᠭᠡᠪᠦᠷᠢ ᠶᠢᠨ ᠡᠬᠢ ᠪᠠᠶᠠᠯᠢᠭ ᠤᠨ ᠪᠦᠭᠦ ᠪᠥᠮᠪᠥᠷᠴᠡᠭ ᠤᠨ | ᠲᠣᠬᠢᠷᠠᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠠ ᠪᠦᠭᠦ ᠪᠥᠮᠪᠥᠷᠴᠡᠭ ᠢ ᠭᠦᠨᠵᠡᠭᠡᠢ | ᠬᠤᠯᠪᠣᠭᠰᠠᠨ ᠳᠡᠯᠡᠬᠡᠢ ᠶᠢᠨ ᠶᠡᠭᠡ ᠬᠤᠳᠠ ᠪᠣᠯᠤᠭᠰᠠᠨ ᠤ ᠬᠤᠪᠢ ᠳᠤ᠂ ᠱᠠᠩᠬᠠᠢ ᠨᠡᠩ ᠥᠨᠳᠥᠷ ᠭᠠᠷᠤᠭ᠎ᠠ ᠠᠴᠠ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠥᠷᠢᠰᠦᠯᠳᠦᠬᠦ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠤᠤᠭᠠᠯ ᠡᠭᠦᠳᠦᠯᠲᠡ ᠶᠢᠨ | ᠴᠢᠨᠠᠷᠲᠠᠢ ᠥᠭᠡᠷᠡᠴᠢᠯᠡᠯᠲᠡ᠂ ᠬᠥᠲᠥᠯᠥᠨ ᠳᠠᠭᠠᠭᠤᠯᠬᠤ ᠴᠢᠨᠠᠷᠲᠠᠢ ᠨᠡᠭᠡᠭᠡᠯᠲᠡ ᠶᠢ ᠪᠦᠭᠦ ᠲᠠᠯ᠎ᠠ ᠪᠠᠷ ᠡᠷᠴᠢᠮᠲᠡᠢ ᠠᠬᠢᠭᠤᠯᠵᠤ᠂ ᠥᠭᠡᠷᠡᠴᠢᠯᠡᠯᠲᠡ ᠶᠢᠨ ᠰᠢᠰᠲ᠋ᠧᠮ ᠤᠨ | ᠬᠤᠷᠠᠮᠠᠯ ᠢ ᠴᠢᠩᠭᠠᠳᠬᠠᠵᠤ᠂ ᠫᠦᠳᠦ᠋ᠩ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠭᠠᠷᠠᠮ ᠳᠠᠭᠠᠤ ᠶᠢᠨ ᠰᠢᠨ᠎ᠡ ᠬᠡᠰᠡᠭ ᠲᠣᠭᠤᠷᠢᠭ ᠲᠤ ᠡᠩ ᠲᠡᠷᠢᠭᠦᠨ ᠳᠤ ᠳᠠᠷᠤᠯᠲᠠ ᠶᠢᠨ ᠰᠣᠷᠢᠯᠲᠠ ᠶᠢ ᠥᠷᠨᠢᠭᠦᠯᠵᠦ᠂ ᠳᠦᠷᠢᠮ᠂ ᠬᠡᠪ ᠪᠠᠷᠢᠮᠵᠢᠶ᠎ᠠ᠂ ᠬᠠᠮᠢᠶᠠᠷᠤᠯᠲᠠ | ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠪᠠ ᠪᠡᠯᠡ | ᠣᠷᠣᠭᠤᠯᠤᠯᠲᠠ ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠭᠦᠨᠵᠡᠭᠡᠢ ᠠᠬᠢᠭᠤᠯᠵᠤ᠂ ᠦᠢᠯᠡᠳᠬᠦ ᠦᠢᠯᠡᠰ ᠤᠨ ᠨᠡᠭᠡᠭᠡᠯᠲᠡ ᠶᠢᠨ ᠲᠦᠪᠰᠢᠨ ᠢ | ᠳᠡᠭᠡᠭᠰᠢᠯᠡᠭᠦᠯᠵᠦ᠂ ᠬᠤᠩᠴᠢᠶᠤᠤ ᠶᠢᠨ ᠤᠯᠠᠨ ᠤᠯᠤᠰ ᠤᠨ ᠨᠡᠭᠡᠭᠡᠯᠲᠡ ᠶᠢᠨ ᠵᠠᠩᠭᠢᠯᠠᠭ᠎ᠠ ᠶᠢᠨ ᠡᠨᠧᠷᠭᠢ ᠶᠢᠨ ᠲᠡᠰ ᠢ ᠤᠯᠠᠮ ᠳᠡᠭᠡᠭᠰᠢᠯᠡᠭᠦᠯᠵᠦ᠂ ᠭᠠᠳᠠᠭᠠᠳᠤ | ᠤᠷᠤᠭᠤᠯᠤᠯᠳᠠ ᠶᠢᠨ ᠦᠵᠡᠰᠭᠦᠯᠡᠩ ᠤᠨ ᠴᠤᠭᠯᠠᠭᠠᠨ ᠵᠡᠷᠭᠡ ᠬᠤᠣᠰ ᠴᠢᠭᠯᠡᠯ ᠤᠨ ᠨᠡᠭᠡᠭᠡᠯᠲᠡ ᠶᠢᠨ ᠲᠣᠮᠣ ᠲᠠᠪᠴᠠᠩ ᠢ ᠦᠷᠭᠦᠯᠵᠢᠯᠡᠨ ᠰᠠᠶᠢᠲᠤᠷ ᠡᠷᠭᠢᠯᠡᠵᠦ᠂ | ᠤᠯᠠᠨ ᠤᠯᠤᠰ ᠤᠨ ᠥᠷᠢᠰᠦᠯᠳᠦᠬᠦ ᠬᠦᠴᠦᠨ ᠪᠦᠬᠦᠢ ᠲᠦᠷᠦ ᠶᠢᠨ ᠪᠣᠳᠣᠯᠭ᠎ᠠ ᠪᠠ ᠳᠦᠷᠢᠮ ᠤᠨ ᠰᠢᠰᠲ᠋ᠧᠮ ᠢ ᠲᠦᠷᠭᠡᠳᠬᠡᠨ ᠪᠤᠢ ᠪᠤᠯᠭᠠᠬᠤ ᠬᠡᠷᠡᠭᠲᠡᠢ᠃ ︽ᠬᠤᠶᠠᠷ | ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠬᠡ ᠲᠡᠭᠰᠢ ᠪᠠᠷ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ | ᠣᠷᠤᠯᠴᠠᠬᠤ ᠶᠢ ᠪᠠᠲᠤᠯᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠡᠯᠡᠬᠡᠢ ᠶᠢᠨ ᠲᠡᠷᠢᠭᠦᠨ ᠤ ᠡᠵᠡᠩᠨᠡᠯᠲᠡ ᠶᠢᠨ ᠣᠷᠴᠢᠨ | ᠲᠣᠭᠤᠷᠢᠨ ᠢ ᠪᠤᠢ ᠪᠤᠯᠭᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠡᠭᠡᠳᠦ ᠲᠡᠰ ᠤᠨ ᠡᠬᠢ ᠪᠠᠶᠠᠯᠢᠭ ᠤᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠬᠤᠳᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠦᠢᠯᠡᠳᠦᠯᠭᠡᠵᠢᠭᠦᠯᠵᠦ᠂ ᠨᠠᠮ ᠤᠨ ᠤᠳᠤᠷᠢᠳᠤᠯᠭ᠎ᠠ ᠪᠣᠯᠣᠨ ᠨᠡᠶᠢᠭᠡᠮ | ᠵᠢᠷᠤᠮᠲᠤ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠷᠠᠳ ᠤᠯᠠᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ | ᠭᠦᠢᠴᠡᠳ ᠲᠠᠶᠢᠴᠢᠯᠠᠵᠤ᠂ ᠬᠤᠳᠠ ᠶᠢᠨ ᠲᠥᠯᠦᠪᠵᠢᠭᠦᠯᠭᠡ ᠪᠣᠯᠣᠨ ᠬᠡᠷᠡᠭᠵᠢᠭᠦᠯᠦᠯᠲᠡ ᠶᠢᠨ ᠲᠠᠯ᠎ᠠ ᠪᠠᠷ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ | ᠵᠢᠷᠤᠭᠯᠠᠬᠤ ᠶᠢ ᠪᠠᠷᠢᠮᠲᠠᠯᠠᠵᠤ᠂ ᠬᠤᠳᠠ ᠶᠢᠨ ᠲᠣᠭᠠᠴᠢᠯᠠᠯᠳᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠤᠶᠠᠨ ᠬᠠᠳᠠᠨ ᠴᠢᠨᠠᠷᠲᠠᠢ ᠠᠮᠤᠷ | ᠲᠦᠪᠰᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠭᠡᠳᠦ ᠶᠡᠭᠡ ᠬᠤᠳᠠ ᠶᠢᠨ | ᠵᠠᠰᠠᠯᠲᠠ ᠶᠢᠨ ᠣᠳᠣᠬᠢᠴᠢᠯᠠᠯᠲᠠ ᠶᠢᠨ ᠰᠢᠨ᠎ᠡ ᠵᠠᠮ ᠢᠶᠠᠷ ᠴᠢᠷᠮᠠᠶᠢᠨ ᠵᠠᠮᠨᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢ | ᠬᠤᠳᠠ ᠶᠢᠨ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢᠨ ᠵᠣᠷᠢᠯᠲᠠ ᠪᠠ ᠲᠤᠰᠤᠯᠲᠠ ᠪᠤᠯᠭᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠤᠳᠠ ᠶᠢᠨ | ᠵᠠᠰᠠᠯᠲᠠ ᠶᠢᠨ ᠣᠳᠣᠬᠢᠴᠢᠯᠠᠯᠲᠠ ᠳᠤ ᠠᠭᠤᠰᠤᠯᠴᠠᠭᠤᠯᠵᠤ᠂ ᠬᠥᠮᠥᠨ ᠪᠦᠭᠦᠨ ᠣᠷᠤᠯᠴᠠᠬᠤ᠂ ᠬᠥᠮᠥᠨ ᠪᠦᠭᠦᠨ ᠬᠠᠷᠢᠭᠤᠴᠠᠬᠤ᠂ ᠬᠥᠮᠥᠨ ᠪᠦᠭᠦᠨ ᠬᠤᠪᠢ ᠨᠡᠮᠡᠷᠢ | ᠦᠵᠡᠭᠦᠯᠭᠦ᠂ ᠬᠥᠮᠥᠨ ᠪᠦᠭᠦᠨ ᠬᠠᠮᠲᠤ ᠪᠠᠷ ᠡᠳ᠋ᠯᠡᠬᠦ ᠬᠤᠳᠠ ᠶᠢᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠤᠯᠠᠨ ᠲᠦᠮᠡᠨ ᠳᠤ ᠦᠢᠯᠡᠴᠢᠯᠡᠬᠦ ︽ | ᠡᠴᠦᠰ ᠤᠨ ᠨᠢᠭᠡ ᠺᠢᠯᠣᠮᠧᠳ᠋ᠷ︾ ᠢ ᠨᠠᠪᠲᠠᠷᠡᠭᠦᠯᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠢ ᠨᠠᠷᠢᠨ ᠬᠢᠨᠠᠮᠠᠭᠠᠢ | ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠦᠵᠡᠯ ᠰᠠᠨᠠᠭ᠎ᠠ ᠶᠢ | ᠲᠤᠭᠤᠰᠢᠯᠠᠭᠤᠯᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ | ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠦᠵᠡᠯ ᠤᠬᠠᠮᠰᠠᠷ ᠤᠨ ᠭᠡᠯᠪᠡᠷᠢ ᠶᠢᠨ | ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠪᠠᠬᠢᠵᠢᠭᠦᠯᠵᠦ᠂ ᠡᠯ᠎ᠡ ᠵᠦᠢᠯ ᠤᠨ ᠰᠣᠶᠣᠯ ᠤᠨ ᠰᠤᠯᠪᠢᠴᠠᠨ ᠠᠭᠤᠰᠤᠯᠴᠠᠬᠤ ᠳᠤᠮᠳᠠ | ᠭᠤᠣᠯ ᠦᠷᠳᠡᠭ᠂ ᠭᠤᠣᠯ ᠶᠠᠷᠢᠶ᠎ᠠ ᠬᠡᠯᠡᠯᠴᠡᠭᠡ᠂ ᠭᠤᠣᠯ ᠰᠣᠶᠣᠯ ᠢ ᠴᠢᠨᠠᠭᠰᠢᠳᠠ ᠪᠤᠵᠠᠭᠠᠶᠢᠷᠠᠭᠤᠯᠬᠤ ᠬᠡᠷᠡᠭᠲᠡᠢ᠃ ᠬᠤᠳᠠ ᠶᠢᠨ ᠰᠣᠶᠣᠯ ᠢ ᠤᠯᠠᠮᠵᠢᠯᠠᠨ | ᠵᠠᠯᠭᠠᠮᠵᠢᠯᠠᠬᠤ ᠶᠢ ᠴᠢᠬᠤᠯᠠᠴᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠪᠢᠰᠬᠠᠯᠲᠤ | ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠨ ᠲᠦᠮᠡᠨᠴᠢ ᠴᠢᠨᠠᠷᠲᠠᠢ | ᠤᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ | ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠢᠴᠢᠭ ᠤᠨ ᠰᠤᠷᠪᠤᠯᠵᠢᠲᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠬᠤᠳᠠ ᠶᠢᠨ | ᠠᠷᠠᠳ ᠤᠨ ᠪᠣᠯᠪᠠᠰᠤᠨ ᠤ ᠬᠡᠪ ᠴᠢᠨᠠᠷ ᠪᠠ ᠬᠤᠳᠠ ᠶᠢᠨ ᠪᠣᠯᠪᠠᠰᠤᠨ ᠤ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ | ᠱᠠᠭᠠᠷᠳᠠᠯᠭ᠎ᠠ ᠮᠥᠨ᠂ ᠪᠠᠰᠠ ᠴᠤ ᠦᠨᠳᠦᠰᠦᠨ ᠪᠠᠲᠤᠯᠠᠭ᠎ᠠ ᠮᠥᠨ᠃ ᠱᠠᠩᠬᠠᠢ ᠪᠣᠯ ᠮᠠᠨ ᠤ ᠨᠠᠮ ᠤᠨ ᠮᠡᠨᠳᠦᠯᠡᠭᠰᠡᠨ ᠭᠠᠵᠠᠷ ᠮᠥᠨ᠂ ᠠᠩᠬᠠᠳᠤᠭᠠᠷ ᠶᠡᠭᠡ ᠬᠤᠷᠠᠯ | ᠬᠤᠷᠠᠯᠳᠤᠭᠰᠠᠨ ᠭᠠᠵᠠᠷ ᠵᠡᠷᠭᠡ ᠬᠤᠪᠢᠰᠬᠠᠯᠲᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠬᠦ ᠶᠢ ᠬᠥᠮᠥᠵᠢᠭᠦᠯᠦᠨ ᠵᠢᠯᠤᠭᠤᠳᠴᠤ᠂ ᠰᠢᠨ᠎ᠡ ᠠᠶᠠᠨ ᠳᠤ ᠵᠠᠮ | ᠨᠡᠭᠡᠭᠡᠨ ᠰᠢᠨ᠎ᠡ ᠶᠢ ᠡᠭᠦᠳᠴᠦ᠂ ᠵᠣᠷᠢᠭ ᠬᠥᠪᠴᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠣᠯᠠᠨ ᠤᠯᠤᠰ ᠤᠨ ᠲᠣᠮᠣ ᠬᠤᠲᠠ ᠲᠠᠢ ᠵᠣᠬᠢᠴᠠᠯᠳᠤᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ | ᠪᠠᠶᠢᠭᠤᠯᠬᠤ ᠬᠡᠷᠡᠭᠲᠡᠢ᠃ ᠭᠡᠲᠦ ᠶᠡᠭᠡ ᠬᠤᠲᠠ ᠶᠢᠨ ᠣᠨᠴᠠᠯᠢᠭ ᠢ ᠡᠵᠡᠮᠳᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠴᠡ ᠪᠠ | ᠵᠠᠭᠪᠤᠷ ᠤᠨ ᠰᠢᠨ᠎ᠡ ᠶᠢ ᠡᠭᠦᠳᠴᠦ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠢᠯᠵᠠᠷᠠᠯ ᠢ | ᠡᠷᠡᠰ ᠡᠰᠡᠷᠭᠦᠴᠡᠨ ᠵᠠᠯᠬᠠᠭᠠᠨ ᠰᠢᠢᠳᠬᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠬᠡᠷᠡᠭᠲᠡᠢ᠃ ᠬᠤᠶᠠᠳᠤᠭᠠᠷ ᠪᠦᠯᠦᠭ ᠤᠨ | ᠭᠤᠣᠯ ᠰᠡᠳᠦᠪᠲᠦ ᠬᠥᠮᠦᠵᠢᠯ ᠰᠡᠭᠦᠯ ᠬᠤᠷᠢᠶᠠᠬᠤ ᠣᠶᠢᠷᠠᠲᠤᠯ᠎ᠠ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ ᠪᠠᠶᠢᠬᠤ ᠶᠢ | ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠡᠯ᠎ᠡ ᠲᠠᠯ᠎ᠠ ᠶᠢᠨ ᠠᠵᠢᠯ ᠲᠠᠢ ᠤᠶᠠᠯᠳᠤᠭᠤᠯᠵᠤ᠂ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ | ᠂ ᠬᠤᠶᠠᠷ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 12 ᠰᠠᠷ᠎ᠠ ᠶᠢᠨ 3 ᠤ ᠦᠳᠡ ᠶᠢᠨ ᠡᠮᠦᠨ᠎ᠡ᠂ ᠪᠡᠭᠡᠵᠢᠩ ᠳᠤ ᠪᠤᠴᠠᠬᠤ ᠵᠠᠮ ᠵᠠᠭᠤᠷ᠎ᠠ ᠪᠠᠨ᠂ ᠰᠢ ᠶᠢᠨ ᠫᠢᠩ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠰᠢᠨ ᠴᠠᠩ ᠰᠢᠩ ᠪᠣᠯᠣᠨ ᠮᠤᠵᠢ ᠶᠢᠨ ᠳᠠᠷᠤᠭ᠎ᠠ ᠰᠢᠦᠢ ᠺᠦᠨ ᠯᠢᠨ ᠤ ᠪᠠᠷ᠎ᠠ ᠪᠤᠯᠤᠯᠭ᠎ᠠ ᠲᠠᠢ ᠪᠠᠷ᠂ ᠶᠠᠨᠴᠧᠩ ᠬᠤᠳᠠ ᠳᠤ ᠬᠦᠷᠴᠦ ᠰᠢᠨ᠎ᠡ ᠳᠥᠷᠪᠡᠳᠦᠭᠡᠷ | ᠠᠷᠮᠢ ᠶᠢᠨ ᠳᠤᠷᠠᠰᠬᠠᠯ ᠤᠨ ᠣᠷᠳᠣᠨ ᠢᠶᠠᠷ ᠲᠣᠭᠤᠷᠢᠨ ᠦᠵᠡᠪᠡ᠃ ᠦᠵᠡᠭᠦᠯᠭᠡ ᠶᠢᠨ ᠲᠢᠩᠬᠢᠮ ᠳᠤ ᠠᠯᠢ ᠤᠯᠠᠨ ᠭᠡᠷᠡᠯ ᠵᠢᠷᠤᠭ᠂ ᠲᠡᠦᠬᠡ ᠶᠢᠨ ᠮᠠᠲ᠋ᠧᠷᠢᠶᠠᠯ᠂ | ᠲᠡᠦᠬᠡ ᠶᠢᠨ ᠳᠤᠷᠠᠰᠬᠠᠯᠲᠤ ᠵᠦᠢᠯᠡᠰ᠂ ᠳᠠᠭᠤᠷᠢᠶᠠᠮᠠᠯ ᠪᠣᠳᠠᠲᠤ ᠦᠵᠡᠭᠳᠡᠯ ᠨᠢ ᠰᠢᠨ᠎ᠡ ᠳᠥᠷᠪᠡᠳᠦᠭᠡᠷ ᠠᠷᠮᠢ ᠶᠢ ᠳᠠᠭᠢᠨ ᠠᠮᠢᠯᠠᠭᠤᠯᠵᠤ᠂ ᠴᠢᠰᠤ ᠪᠠᠨ ᠤᠷᠤᠰᠬᠠᠨ | ᠲᠡᠮᠡᠴᠡᠭᠰᠡᠨ ᠭᠡᠷᠡᠯ ᠰᠠᠴᠤᠷᠠᠩᠭᠤᠢ ᠲᠡᠦᠬᠡ ᠶᠢ ᠨᠢ ᠪᠦᠷᠢᠨ ᠭᠦᠢᠴᠡᠳ ᠢᠯᠡᠷᠡᠭᠦᠯᠪᠡ᠃ ᠰᠢ ᠶᠢᠨ ᠫᠢᠩ ᠪᠠᠶᠢᠨ ᠪᠠᠶᠢᠨ ᠵᠣᠭᠰᠣᠨ ᠪᠠᠶᠢᠴᠠᠭᠠᠨ ᠦᠵᠡᠵᠦ᠂ | ᠤᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠠᠷᠠᠳ ᠤᠨ ᠰᠡᠳᠬᠢᠯ ᠤᠨ ᠬᠠᠨᠳᠤᠰᠢ ᠲᠡᠦᠬᠡ ᠶᠢᠨ ᠰᠣᠩᠭᠤᠯᠲᠠ ᠶᠢ ᠲᠣᠭᠲᠠᠭᠠᠵᠤ ᠪᠠᠶᠢᠳᠠᠭ᠂ ᠲᠦᠷᠦ ᠭᠦᠷᠦᠨ | ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠦᠷᠦ ᠭᠦᠷᠦᠨ ᠮᠥᠨ ᠭᠡᠳᠡᠭ ᠢ ᠰᠢᠨ᠎ᠡ ᠳᠥᠷᠪᠡᠳᠦᠭᠡᠷ ᠠᠷᠮᠢ ᠶᠢᠨ ᠲᠡᠦᠬᠡ ᠭᠦᠢᠴᠡᠳ ᠲᠣᠳᠣᠷᠬᠠᠶᠢᠯᠠᠵᠠᠢ᠃ | ᠡᠨᠡ ᠪᠣᠯ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠢ ᠥᠷᠨᠢᠭᠦᠯᠬᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠨᠢᠭᠦᠯᠬᠦ ᠠᠮᠢᠳᠤᠯᠢᠭ ᠵᠢᠭᠠᠬᠤ | ᠮᠠᠲ᠋ᠧᠷᠢᠶᠠᠯ ᠮᠥᠨ᠂ ᠡᠨᠡ ᠬᠦ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ᠂ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠬᠦᠴᠢᠷ | ᠪᠡᠷᠬᠡᠰᠢᠶᠡᠯ ᠠᠴᠠ ᠠᠶᠤᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠯ ᠬᠢᠵᠦ ᠵᠣᠷᠢᠭᠲᠠᠢ ᠪᠠᠷ ᠢᠯᠠᠯᠲᠠ ᠣᠯᠬᠤ ᠵᠣᠷᠢᠭ | ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠠᠷᠠᠳ ᠲᠦᠮᠡᠨ ᠳᠤ ᠨᠢᠭᠲᠠ ᠲᠦᠰᠢᠭᠯᠡᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠢ ᠲᠠᠰᠤᠷᠠᠯᠳᠠ ᠦᠭᠡᠢ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ | ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠳᠡᠭᠡᠷ᠎ᠡ ᠳᠤᠷᠠᠳᠤᠭᠰᠠᠨ ᠬᠤᠯᠪᠣᠭᠳᠠᠯ ᠪᠦᠬᠦᠢ ᠠᠵᠢᠯᠯᠠᠭ᠎ᠠ ᠳᠤ ᠲᠤᠰ ᠲᠤᠰ ᠣᠷᠣᠯᠴᠠᠵᠤ᠂ ᠭᠤᠣᠯ ᠰᠡᠳᠦᠪᠲᠦ ᠬᠥᠮᠦᠵᠢᠯ ᠤᠨ ᠲᠥᠪ ᠤᠨ | ᠲᠠᠪᠤᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | |