ᠸᠠᠩ ᠯᠢ ᠰᠢᠶᠠ ᠤᠷᠳᠤᠰ ᠬᠤᠳᠠ ᠳᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ ᠪᠣᠳᠠᠲᠠᠢ ᠪᠠᠶᠢᠬᠤ ᠱᠠᠭᠠᠷᠳᠠᠯᠭ᠎ᠠ ᠶᠢ ᠲᠤᠭᠤᠰᠢᠯᠠᠭᠤᠯᠵᠤ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/12/5
     ᠦᠪᠤᠷ ᠮᠤᠩᠭᠤᠯ ᠤᠨ ᠡᠳᠦᠷ ᠤᠨ ᠰᠣᠨᠢᠨ ᠤ ᠤᠷᠳᠤᠰ ᠤᠨ 11 ᠰᠠᠷ᠎ᠠ ᠶᠢᠨ 28 ᠤ ᠡᠳᠦᠷ ᠤᠨ ᠮᠡᠳᠡᠭᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠤᠬᠢᠷᠠᠭᠤᠯᠤᠯᠳᠠ ᠶᠣᠰᠣᠭᠠᠷ᠂ 11 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠠᠷᠢᠯᠴᠠᠬᠤ ᠴᠡᠭ ᠪᠤᠯᠬᠤ ᠤᠳᠤᠭ ᠤᠨ ᠡᠮᠦᠨᠡᠲᠦ ᠬᠤᠰᠢᠭᠤ ᠪᠣᠯᠤᠨ ᠦᠦᠰᠢᠨ ᠬᠤᠰᠢᠭᠤᠨ ᠳᠤ ᠭᠦᠨᠵᠡᠭᠡᠶᠢᠷᠡᠵᠦ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃     ᠸᠠᠩ ᠯᠢ ᠰᠢᠶᠠ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠪᠣᠳᠠᠲᠠᠢ ᠪᠠᠶᠢᠬᠤ ᠱᠠᠭᠠᠷᠳᠠᠯᠭ᠎ᠠ ᠶᠢ ᠲᠤᠪᠤᠶᠢᠯᠭᠠᠵᠤ᠂ ᠤᠨᠤᠯ ᠤᠨ ᠰᠤᠷᠤᠯᠴᠠᠯᠭ᠎ᠠ ᠶᠢ ᠪᠣᠳᠠᠲᠠᠢ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ︾ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠤᠲᠤᠭ ᠤᠨ ᠡᠮᠦᠨᠡᠲᠦ ᠬᠤᠰᠢᠭᠤ ᠪᠣᠯᠤᠨ ᠦᠦᠰᠢᠨ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠣᠨᠳᠣᠣᠰᠢᠭᠤᠯᠤᠨ ᠦᠷᠳᠡᠭ ᠢ ᠨᠢ ᠨᠡᠮᠡᠭᠳᠡᠭᠦᠯᠵᠦ᠂ ᠤᠯᠠᠮᠵᠢᠯᠠᠯᠲᠤ ᠡᠨᠧᠷᠭᠢ ᠪᠣᠯᠤᠨ ᠰᠢᠨ᠎ᠡ ᠡᠨᠧᠷᠭᠢ ᠶᠢ ᠬᠤᠯᠪᠣᠯᠳᠤᠭᠤᠯᠤᠨ ᠬᠥᠭᠵᠢᠭᠦᠯᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ︔ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠲᠡᠮᠳᠡᠭᠵᠢᠭᠦᠯᠬᠦ ᠶᠢ ᠪᠠᠷᠢᠮᠲᠠᠯᠠᠵᠤ᠂ ᠠᠯᠠᠰᠢᠨ ᠬᠤᠨᠢ᠂ ᠠᠯᠠᠰᠢᠨ ᠦᠬᠡᠷ ᠵᠡᠷᠭᠡ ᠳᠠᠪᠠᠭᠤᠯᠢᠭ ᠮᠠᠯ ᠠᠵᠤ ᠠᠬᠤᠶ ᠲᠠᠷᠢᠶᠠᠯᠠᠩ ᠢ ᠲᠦᠷᠭᠡᠳᠭᠡᠨ ᠬᠥᠭᠵᠢᠭᠦᠯᠬᠦ ᠬᠡᠷᠡᠭᠲᠡᠢ︔ ᠬᠤᠪᠢᠰᠬᠠᠯ ᠤᠨ ᠡᠬᠢ ᠪᠠᠶᠠᠯᠢᠭ᠂ ᠰᠣᠶᠣᠯ ᠤᠨ ᠡᠬᠢ ᠪᠠᠶᠠᠯᠢᠭ᠂ ᠠᠮᠢ ᠠᠬᠤᠶ ᠶᠢᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠵᠤᠭᠠᠴᠡᠯ ᠢ ᠠᠭᠤᠰᠤᠯᠴᠠᠭᠤᠯᠬᠤ ᠬᠢᠯᠠᠰ ᠴᠡᠭ ᠢ ᠨᠠᠷᠢᠨ ᠨᠢᠮᠪᠠᠶ ᠰᠦᠪᠡᠭᠴᠢᠯᠠᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ ᠤᠯᠠᠨ ᠲᠦᠮᠡᠨ ᠳᠤ ᠪᠣᠳᠠᠲᠤ ᠦᠷ᠎ᠡ ᠪᠦᠲᠦᠮᠵᠢ ᠶᠢ ᠥᠨᠡᠨ ᠬᠦ ᠮᠡᠳᠡᠷᠡᠬᠦᠯᠬᠦ ᠬᠡᠷᠡᠭᠲᠡᠢ ᠭᠡᠵᠦ ᠬᠡᠯᠡᠪᠡ᠃     ᠸᠠᠩ ᠯᠢ ᠰᠢᠶᠠ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢ ᠮᠠᠰᠢ ᠬᠠᠯᠠᠮᠵᠢᠯᠠᠵᠤ ᠪᠠᠶᠢᠯ᠎ᠠ᠃ ᠲᠡᠷᠡ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ ᠯᠢ ᠹᠦ᠋ ᠴᠦᠨ ᠤ ᠬᠡᠷ ᠲᠤ ᠬᠦᠷᠴᠦ᠂ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠨᠢ ᠠᠰᠠᠭᠤᠵᠤ᠂ ᠵᠤᠭᠤᠭ ᠳᠡᠯᠭᠡᠵᠦ᠂ ᠠᠷᠠᠳ ᠲᠤ ᠠᠰᠢᠭ ᠬᠦᠷᠲᠡᠭᠡᠬᠦ ᠨᠠᠷᠢᠨ ᠲᠠᠩᠰᠠ ᠶᠢ ᠰᠠᠶᠢᠲᠤᠷ ᠪᠤᠳᠤᠵᠤ᠂ ᠣᠯᠠᠨ ᠲᠦᠮᠡᠨ ᠳᠤ ᠪᠢᠳᠠ ᠶᠠᠮᠠᠷ ᠶᠠᠮᠠᠷ ᠨᠠᠮ ᠤᠨ ᠲᠥᠷᠥ ᠶᠢᠨ ᠪᠣᠳᠣᠯᠭ᠎ᠠ ᠶᠢᠨ ᠠᠴᠢ ᠲᠤᠰᠠ ᠶᠢ ᠬᠦᠷᠲᠡᠵᠦ ᠪᠠᠶᠢᠭ᠎ᠠ ᠶᠢ ᠦᠨᠡᠨ ᠬᠦ ᠣᠶᠢᠯᠠᠭᠠᠭᠤᠯᠵᠤ᠂ ᠨᠠᠮ ᠤᠨ ᠰᠠᠶᠢᠨ ᠢ ᠮᠡᠳᠡᠵᠦ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠬᠤ ᠬᠡᠷᠡᠭᠲᠡᠶ ᠭᠡᠵᠦ ᠱᠠᠭᠠᠷᠳᠠᠪᠠ᠃     ᠰᠠᠨ ᠳ᠋ᠤᠤ ᠴᠢᠤᠸᠠᠨ ᠽᠢ ᠲᠣᠰᠬᠤᠨ ᠤ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠸᠠᠩ ᠯᠢ ᠰᠢᠶᠠ ︽ᠪᠦᠷᠢᠨ ᠴᠢᠳᠠᠮᠵᠢᠲᠤ ᠺᠠᠷᠲ︾ ᠤᠨ ᠲᠥᠷᠥ ᠶᠢᠨ ᠪᠣᠳᠣᠯᠭ᠎ᠠ ᠶᠢᠨ ᠲᠣᠳᠣᠷᠬᠠᠶ ᠺᠠᠷᠲ ᠢ ᠨᠠᠷᠢᠨ ᠪᠠᠶᠢᠴᠠᠭᠠᠨ ᠦᠵᠡᠵᠦ᠂ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢ ᠣᠯᠭᠤᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠲᠦᠷᠢᠮ ᠢ ᠨᠠᠶᠢᠳᠠᠪᠤᠷᠢᠵᠢᠭᠤᠯᠬᠤ ᠲᠤᠬᠠᠶ ᠺᠠᠳ᠋ᠷ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠡᠷᠡ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠲᠦᠷᠢᠮ ᠢ ᠬᠡᠷᠡᠭᠵᠢᠭᠦᠯᠬᠦ ᠶᠢᠨ ᠵᠠᠩᠭᠢᠯᠠᠭ᠎ᠠ ᠨᠢ ᠪᠣᠳᠠᠲᠠᠶ ᠬᠦᠴᠢᠷᠳᠡᠯ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ᠂ ᠣᠯᠠᠨ ᠲᠦᠮᠡᠨ ᠳᠤ ︽ᠤᠴᠢᠷ ᠶᠠᠪᠤᠳᠠᠯ ᠢ ᠬᠠᠮᠢᠶᠠᠷᠬᠤ ᠬᠥᠮᠦᠨ ᠲᠠᠢ᠂ ᠬᠠᠪᠰᠤᠷᠬᠤ ᠬᠦᠮᠦᠨ ᠲᠠᠢ᠂ ᠰᠶᠢᠳᠪᠦᠷᠢᠯᠡᠬᠦ ᠬᠥᠮᠦᠨ ᠲᠠᠢ︾ ᠭᠡᠳᠡᠭ ᠢ ᠦᠨᠡᠨ ᠬᠦ ᠮᠡᠳᠡᠷᠡᠭᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠮᠡᠳᠡᠷᠡᠭᠦᠯᠬᠦ ᠬᠡᠷᠡᠭᠲᠡᠢ ᠭᠡᠵᠦ ᠬᠡᠯᠡᠪᠡ᠃     ᠸᠠᠩ ᠯᠢ ᠰᠢᠶᠠ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠪᠠᠭᠠᠲᠤᠷ ᠶᠢᠨ ᠢᠦᠢ ᠵᠧᠨ ᠢ ᠪᠣᠯᠭᠤᠭᠠᠨ ᠦᠵᠡᠵᠦ᠂ ᠲᠡᠭᠦᠨ ᠤ ᠬᠦᠴᠢᠷ ᠪᠡᠷᠬᠡᠰᠢᠶᠡᠯ ᠠᠴᠠ ᠦᠯᠦ ᠡᠮᠢᠶᠡᠨ ᠲᠡᠰᠪᠦᠷᠢ ᠬᠠᠲᠠᠭᠤᠵᠢᠯᠲᠠᠢ ᠲᠡᠮᠡᠴᠡᠵᠦ ᠡᠷᠡᠰ ᠭᠤᠶᠢᠪᠢᠰᠢ ᠦᠭᠡᠢ ᠪᠠᠷ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠵᠣᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠭᠡᠯ ᠢᠶᠠᠨ ᠳᠡᠪᠰᠢᠭᠦᠯᠵᠦ᠂ ᠶᠢᠨ ᠢᠦᠢ ᠵᠧᠨ ᠢᠶᠠᠷ ᠳᠠᠭᠤᠷᠢᠶᠠᠯ ᠪᠣᠯᠭᠠᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠳᠤᠨ ᠭᠤᠣᠯ ᠤᠨ ︽ᠶᠡᠭᠡ ᠲᠤᠬᠤᠢ ᠶᠢᠨ ᠤᠷᠤᠨ︾ ᠤ ᠮᠤᠤᠠᠤᠰᠤ ᠶᠢᠨ ᠡᠯᠡᠰᠦᠷᠬᠡᠭ ᠭᠠᠵᠠᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠬᠤᠯᠠ ᠠᠮᠢ ᠠᠬᠤᠢ ᠶᠢᠨ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ᠂ ᠠᠷᠠᠳ ᠢ ᠪᠠᠶᠠᠵᠢᠭᠤᠯᠬᠤ ᠢᠨᠵᠧᠨᠧᠷᠢᠩ ᠪᠤᠯᠭᠠᠵᠤ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠪᠣᠯᠬᠤ ᠠᠮᠢᠳᠤᠯᠢᠭ ᠦᠢᠯᠡᠳᠦᠯᠭᠡ ᠶᠢ ᠪᠢᠴᠢᠭᠯᠡᠬᠦ ᠬᠡᠷᠡᠭᠲᠡᠢ ᠭᠡᠵᠦ ᠱᠠᠭᠠᠷᠳᠠᠪᠠ᠃      
ᠢᠷᠡᠯᠲᠡ᠄ ᠤᠷᠳᠤᠰ ᠤᠨ ᠡᠳᠤᠷ ᠤᠨ ᠰᠤᠨᠢᠨ