ᠭᠠᠯᠲᠤ ᠲᠡᠷᠭᠡᠨ ᠤ ᠪᠢᠯᠧᠲ ᠪᠤᠴᠠᠭᠠᠬᠤ ᠳᠤ ᠭᠠᠷ ᠬᠦᠢᠴᠡᠳᠬᠡᠯ ᠤᠨ ᠰᠦᠢᠳᠭᠡᠯ ᠬᠤᠷᠢᠶᠠᠬᠤ ᠦᠭᠡᠢ ᠭᠡᠨ᠎ᠡ ᠤᠤ︖ 12306 ᠦᠢᠯᠡᠴᠢᠯᠡᠭᠡᠨ ᠤ ᠲᠠᠪᠴᠠᠩ ᠤᠨ ᠬᠢᠨ ᠬᠠᠷᠢᠭᠤ ᠦᠭᠪᠡ
ᠨᠡᠶᠢᠲᠡᠯᠡᠭᠰᠡᠨ ᠴᠠᠭ᠄
2023/12/5
    11 ᠰᠠᠷ᠎ᠠ ᠶᠢᠨ 29 ᠤ ᠡᠳᠦᠷ᠂ ︽12306 ᠪᠢᠯᠧᠲ ᠪᠤᠴᠠᠭᠠᠬᠤ ᠳᠤ ᠭᠠᠷ ᠬᠦᠢᠴᠡᠳᠬᠡᠯ ᠤᠨ ᠰᠦᠢᠳᠭᠡᠯ ᠬᠤᠷᠢᠶᠠᠬᠤ ᠥᠬᠡᠶ ᠪᠤᠯᠪᠠ᠂ ᠲᠡᠷᠭᠡ ᠬᠥᠳᠡᠯᠬᠦ ᠠᠴᠠ ᠡᠮᠦᠨ᠎ᠡ 10 ᠮᠢᠨᠦ᠋ᠲ ᠤᠨ ᠳᠣᠲᠣᠷ᠎ᠠ ᠪᠢᠯᠧᠲ ᠪᠤᠴᠠᠭᠠᠬᠤ ᠳᠤ ᠰᠦᠢᠳᠭᠡᠯ ᠬᠤᠷᠢᠶᠠᠬᠰᠠᠨ ᠥᠬᠡᠶ︾ ᠬᠡᠰᠡᠨ ᠨᠢᠭᠡᠨ ᠮᠡᠳᠡᠭᠡ ᠵᠠᠩᠭᠢ ᠰᠦᠯᠵᠢᠶᠡᠴᠢᠳ ᠤᠨ ᠠᠩᠬᠠᠷᠤᠯ ᠢ ᠲᠠᠲᠠᠪᠠ᠃ ᠡᠭᠦᠨ ᠤ ᠲᠤᠬᠠᠶ ᠰᠤᠷᠪᠤᠯᠵᠢᠯᠠᠭᠴᠢ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠠᠷᠢᠯᠴᠠᠵᠤ ᠭᠡᠷᠡᠴᠢᠯᠡᠯ ᠬᠢᠵᠡᠶ᠃    11 ᠰᠠᠷ᠎ᠠ ᠶᠢᠨ 29 ᠤ ᠡᠳᠦᠷ᠂ ᠰᠤᠷᠪᠤᠯᠵᠢᠯᠠᠭᠴᠢ 12306 ᠲᠡᠮᠦᠷ ᠵᠠᠮ ᠤᠨ ᠠᠶᠠᠨᠴᠢᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠠᠰᠠᠭᠤᠨ ᠯᠠᠪᠯᠠᠬᠰᠠᠨ ᠳᠤ᠂ ᠲᠡᠷᠭᠡᠨ ᠪᠢᠯᠧᠲ ᠪᠤᠴᠠᠭᠠᠬᠤ ᠳᠤ ᠭᠠᠷ ᠬᠦᠢᠴᠡᠳᠬᠡᠯ ᠤᠨ ᠰᠦᠢᠳᠭᠡᠯ ᠬᠤᠷᠢᠶᠠᠬᠤ ᠠᠷᠭ᠎ᠠ ᠬᠡᠮᠵᠢᠶ᠎ᠡ ᠶᠢ ᠮᠥᠨ ᠬᠦ ᠣᠲᠣ ᠶᠢᠨ ᠬᠡᠷᠡᠭᠵᠢᠭᠦᠯᠵᠦ ᠪᠠᠶᠢᠭ᠎ᠠ ᠪᠢᠯᠧᠲ ᠪᠤᠴᠠᠭᠠᠬᠤ ᠳᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠨ᠎ᠠ᠂ ᠣᠳᠣᠬᠠᠨ ᠳᠤ ᠰᠢᠨ᠎ᠡ ᠲᠣᠭᠲᠠᠭᠠᠯ ᠨᠡᠶᠢᠲᠡᠯᠡᠭᠳᠡᠭᠡᠳᠦᠶ ᠪᠠᠶᠢᠬᠰᠠᠭᠠᠷ ᠬᠡᠪᠡ᠃ ᠲᠡᠭᠡᠪᠡᠯ ᠲᠣᠰ ᠰᠦᠯᠵᠢᠶᠡᠨ ᠤ ᠨᠠᠶᠢᠵᠠ ᠶᠠᠭᠠᠬᠢᠭᠠᠳ ᠲᠡᠷᠭᠡ ᠬᠥᠳᠡᠯᠬᠦ ᠠᠴᠠ 10 ᠭᠠᠷᠤᠶ ᠮᠢᠨᠦ᠋ᠲ ᠤᠨ ᠡᠮᠦᠨ᠎ᠡ ᠪᠢᠯᠧᠲ ᠢᠶᠠᠨ ᠪᠤᠴᠠᠭᠠᠬᠰᠠᠨ ᠳᠤ ᠭᠠᠷ ᠬᠦᠢᠴᠡᠳᠬᠡᠯ ᠤᠨ ᠰᠦᠢᠳᠭᠡᠯ ᠬᠤᠷᠢᠶᠠᠬᠰᠠᠨ ᠥᠬᠡᠶ ᠪᠣᠶ︖ ᠡᠭᠦᠨ ᠤ ᠲᠤᠬᠠᠶ ᠲᠡᠮᠦᠷ ᠵᠠᠮ ᠤᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠠᠵᠢᠯᠲᠠᠨ ᠬᠡᠯᠡᠬᠦ ᠳᠡᠭᠡᠨ᠂ ᠪᠠᠶᠢᠴᠠᠭᠠᠨ ᠯᠠᠪᠯᠠᠭᠰᠠᠨ ᠢᠶᠠᠷ᠂ 11 ᠰᠠᠷ᠎ᠠ ᠶᠢᠨ 27 ᠤ ᠡᠳᠦᠷ ᠶᠠᠨ ᠠᠨ ᠠᠴᠠ ᠬᠦᠳᠡᠯᠬᠦ D779 ᠡᠭᠡᠯᠵᠢ ᠶᠢᠨ ᠭᠠᠯᠲᠤ ᠲᠡᠷᠭᠡ 30 ᠮᠢᠨᠦ᠋ᠲ ᠣᠷᠦ᠋ᠢᠲᠠᠨ ᠬᠦᠳᠡᠯᠦᠭᠰᠡᠨ ᠪᠠᠶᠢᠨ᠎ᠠ᠂ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠪᠡᠯ᠂ ᠭᠠᠯᠲᠤ ᠲᠡᠷᠭᠡ ᠣᠷᠦ᠋ᠢᠲᠠᠭᠰᠠᠨ ᠰᠢᠯᠲᠠᠭᠠᠨ ᠠᠴᠠ ᠪᠣᠯᠵᠣ ᠬᠡᠷᠡᠭᠯᠡᠭᠴᠢ ᠪᠢᠯᠧᠲ ᠪᠤᠴᠠᠭᠠᠬᠤ ᠳᠤ ᠪᠢᠯᠧᠲ ᠪᠤᠴᠠᠭᠠᠬᠤ ᠰᠦᠢᠳᠭᠡᠯ ᠬᠤᠷᠢᠶᠠᠬᠤ ᠴᠢᠬᠤᠯᠠ ᠥᠬᠡᠶ ᠶᠤᠮ ᠭᠡᠵᠡᠶ᠃    ︽ᠡᠩ ᠤᠨ ᠪᠠᠶᠢᠳᠠᠯ ᠳᠤᠤᠷ᠎ᠠ᠂ ᠬᠡᠷᠪᠡ ᠭᠠᠯᠲᠤ ᠲᠡᠷᠭᠡ ᠲᠤᠬᠳᠠᠬᠰᠠᠨ ᠴᠠᠭ ᠲᠠᠭᠠᠨ ᠬᠦᠷᠴᠦ ᠳᠡᠶᠢᠯᠬᠦ ᠥᠬᠡᠶ ᠪᠣᠯ᠂ ᠲᠡᠷᠭᠡᠨ ᠥᠷᠲᠡᠭᠡᠨ ᠤ ᠠᠵᠢᠯᠲᠠᠨ ᠡᠨᠡ ᠡᠭᠡᠯᠵᠢ ᠶᠢᠨ ᠭᠠᠯᠲᠤ ᠲᠡᠷᠭᠡ ᠶᠢ ᠲᠤᠬᠳᠠᠬᠰᠠᠨ ᠴᠠᠭ ᠠᠴᠠ ᠪᠠᠨ ᠤᠷᠦ᠋ᠢᠳᠠᠬᠰᠠᠨ ᠭᠡᠵᠦ ᠦᠵᠡᠳᠡᠭ᠂ ᠬᠡᠷᠡᠭᠯᠡᠭᠴᠢ ᠴᠠᠭ ᠢ ᠦᠨᠳᠦᠰᠦᠯᠡᠨ ᠬᠦᠯᠢᠶᠡᠬᠦ ᠪᠤᠶᠤ ᠲᠡᠷᠭᠡᠨ ᠪᠢᠯᠧᠲ ᠢᠶᠠᠨ ᠪᠤᠴᠠᠭᠠᠬᠤ ᠪᠠ ᠥᠭᠡᠷᠡᠴᠢᠯᠡᠬᠦ ᠭᠠᠷ ᠤᠨ ᠥᠰᠥᠭ ᠵᠢᠷᠤᠬᠤ ᠲᠤᠬᠠᠶᠢᠯᠠᠭᠰᠠᠨ ᠠᠵᠢᠯ ᠤᠨ ᠭᠠᠷ ᠬᠦᠢᠴᠡᠳᠬᠡᠯ ᠬᠢᠵᠦ ᠪᠣᠯᠤᠨ᠎ᠠ᠂ ᠭᠠᠯᠲᠤ ᠲᠡᠷᠭᠡ ᠣᠷᠦ᠋ᠢᠲᠠᠭᠰᠠᠨ ᠰᠢᠯᠲᠠᠭᠠᠨ ᠠᠴᠠ ᠪᠣᠯᠵᠣ ᠪᠢᠯᠧᠲ ᠢᠶᠠᠨ ᠪᠤᠴᠠᠭᠠᠬᠤ ᠳᠤ ᠪᠢᠯᠧᠲ ᠪᠤᠴᠠᠭᠠᠬᠤ ᠰᠦᠢᠳᠭᠡᠯ ᠬᠤᠷᠢᠶᠠᠬᠤ ᠥᠬᠡᠶ︾ ᠭᠡᠵᠦ 12306 ᠠᠶᠠᠨᠴᠢᠳ ᠤᠨ ᠦᠢᠯᠡᠴᠢᠯᠡᠭᠡ ᠶᠢᠨ ᠲᠠᠪᠴᠠᠩ ᠤᠨ ᠬᠢᠨ ᠬᠡᠯᠡᠭᠰᠡᠨ ᠢᠶᠠᠨ ᠵᠠᠯᠭᠠᠭᠠᠳ᠂ ᠲᠣᠰ ᠬᠡᠷᠡᠭᠯᠡᠭᠴᠢ ᠪᠢᠯᠧᠲ ᠢᠶᠠᠨ ᠪᠤᠴᠠᠭᠠᠬᠤ ᠦᠶ᠎ᠡ ᠳᠤ ᠭᠠᠯᠲᠤ ᠲᠡᠷᠭᠡ ᠣᠷᠦ᠋ᠢᠲᠠᠭᠰᠠᠨ ᠢ ᠮᠡᠳᠡᠭᠰᠡᠨ ᠥᠬᠡᠶ ᠪᠠᠶᠢᠵᠤ ᠮᠡᠳᠡᠨ᠎ᠡ᠂ ᠡᠶᠢᠮᠦ ᠠᠴᠠ ᠰᠠᠶ᠋ᠢ ᠢᠮᠦᠷᠬᠦᠦ ᠠᠩᠬᠠᠷᠤᠯ ᠢ ᠲᠠᠳᠠᠬᠰᠠᠨ ᠶᠠᠪᠤᠳᠠᠯ ᠭᠠᠷᠤᠬᠰᠠᠨ ᠪᠠᠶᠢᠨ᠎ᠠ ᠭᠡᠪᠡ᠃    
ᠢᠷᠡᠯᠲᠡ᠄ ᠠᠷᠠᠳ ᠤᠨ ᠰᠥᠯᠵᠢᠶ᠎ᠠ