ᠬᠠᠷᠠᠢ ᠭᠤᠤ ᠶᠡᠭᠡ ᠬᠦᠬᠦᠷᠭᠡ ᠳᠡᠷᠭᠡ ᠨᠡᠪᠳᠡᠷᠡᠪᠡ
ᠨᠡᠶᠢᠲᠡᠯᠡᠭᠰᠡᠨ ᠴᠠᠭ᠄
2023/12/8
                                 12 ᠳ᠋ᠤᠭᠠᠷ ᠰᠠᠷ᠎ᠠ ᠶᠢᠨ 2 ᠤᠨ ᠡᠳᠦᠷ᠂ ᠰᠢᠶᠠᠨ ᠤ ᠳᠡᠰ ᠤᠨ 625 ᠳ᠋ᠤᠭᠠᠷ ᠵᠠᠮ ᠤᠨ ᠬᠠᠷᠠᠢ ᠭᠤᠤ ᠶᠡᠭᠡ ᠬᠦᠬᠦᠷᠭᠡ ᠶᠢ ᠪᠠᠶᠢᠭᠤᠯᠤᠨ ᠳᠠᠭᠤᠰᠬᠠᠵᠦ ᠳᠡᠷᠭᠡ ᠨᠡᠪᠳᠡᠷᠡᠭᠦᠯᠪᠡ᠃

12.8 黑赖沟大桥.jpg

      

      ᠬᠠᠷᠠᠢ ᠭᠤᠤ ᠶᠡᠭᠡ ᠬᠦᠬᠦᠷᠭᠡ ᠶᠢᠨ ᠪᠦᠬᠦ ᠤᠷᠳᠤ ᠨᠢ 1.47 ᠺᠢᠯᠤᠮᠧᠲᠷ᠂ ᠶᠡᠷᠦᠩᠬᠡᠢ ᠪᠡᠯᠡ ᠤᠷᠤᠭᠤᠯᠤᠯᠳᠠ ᠨᠢ 3755 ᠲᠦᠮᠡᠨ ᠳᠦᠭᠦᠷᠢᠭ ᠲᠤ

ᠬᠦᠷᠴᠡᠢ᠃ ᠡᠨᠡᠬᠦ ᠬᠦᠬᠦᠷᠭᠡ ᠨᠡᠪᠳᠡᠷᠡᠭᠰᠡᠨ ᠨᠢ 625 ᠳ᠋ᠤᠭᠠᠷ ᠰᠢᠶᠠᠨ ᠤ ᠵᠠᠮ ᠪᠤᠯᠤᠨ 210 ᠳ᠋ᠤᠭᠠᠷ ᠤᠯᠤᠰ ᠤᠨ ᠵᠠᠮ᠂ 211 ᠳ᠋ᠤᠭᠠᠷ ᠮᠤᠵᠢ ᠶᠢᠨ ᠵᠠᠮ᠂

640 ᠳ᠋ᠤᠭᠠᠷ ᠰᠢᠶᠠᠨ ᠤ ᠵᠠᠮ᠂ 608 ᠳ᠋ᠤᠭᠠᠷ ᠵᠠᠰᠠᠮᠠᠯ ᠵᠠᠮ ᠵᠡᠷᠭᠡ ᠶᠢᠨ ᠬᠠᠷᠢᠯᠴᠠᠨ ᠨᠡᠪᠳᠡᠷᠡᠯᠴᠡᠬᠦ ᠶᠢ ᠪᠦᠬᠦ ᠳᠠᠯ᠎ᠠ ᠪᠠᠷ ᠪᠠᠶᠠᠯᠠᠬᠦᠯᠵᠦ᠂ ᠳᠠᠯᠠᠳ ᠬᠤᠰᠢᠭᠤᠨ ᠤ

ᠵᠠᠮ ᠨᠡᠪᠳᠡᠷᠡᠯᠭᠡ ᠶᠢᠨ ᠴᠢᠳᠠᠪᠤᠷᠢ ᠶᠢ ᠨᠡᠩ ᠰᠢᠯᠢᠳᠡᠭᠵᠢᠭᠦᠯᠦᠨ᠂ ᠭᠠᠵᠠᠷ ᠤᠷᠤᠨ ᠤ ᠠᠵᠦ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠦ᠂ ᠪᠦᠬᠦ

ᠬᠤᠰᠢᠭᠤᠨ ᠤ ᠠᠵᠦ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠡ ᠳᠤ ᠬᠦᠴᠦᠳᠡᠢ ᠳᠤᠯᠭᠠᠭᠤᠷᠢᠯᠠᠯ  ᠬᠠᠩᠭᠠᠭᠰᠠᠨ ᠪᠠᠶᠢᠨ᠎ᠠ᠃

 

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ