ᠥᠪᠥᠷ ᠮᠣᠩᠭᠤᠯ ᠤᠨ ᠵᠥᠪᠰᠢᠶᠡᠷᠡᠬᠦᠯᠬᠦ ᠪᠠᠷ ᠪᠠᠶᠢᠭ᠎ᠠ ᠲᠥᠷᠥᠯ ᠵᠦᠢᠯ ᠢ ᠲᠦᠢᠯᠪᠤᠷᠢᠳᠠᠢ ᠪᠠᠶᠢᠴᠠᠭᠠᠬᠤ ᠠᠵᠢᠯ ᠰᠢᠪᠲᠤᠷᠠᠭᠠᠨ ᠳᠠᠭᠠᠨ ᠣᠷᠣᠵᠤ ︽ᠬᠠᠭᠠᠰ ᠳᠤᠲᠠᠭᠤ ᠤᠷᠬᠢᠭᠰᠡᠨ︾ ᠪᠠᠷᠢᠯᠭ᠎ᠠ ᠶᠢ ᠲᠦᠢᠯᠪᠤᠷᠢᠳᠠᠢ ᠪᠠᠶᠢᠴᠠᠭᠠᠬᠤ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/2/1
    ᠦᠪᠤᠷ ᠮᠤᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢ ᠶᠦᠩ ᠲᠤᠤ︶ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠲᠠᠪᠤᠨ ᠶᠡᠭᠡ ᠲᠦᠢᠯᠪᠤᠷᠢᠳᠠᠢ ᠪᠠᠶᠢᠴᠠᠭᠠᠬᠤ ᠠᠵᠢᠯ ᠢ ᠴᠢᠬᠤᠯᠠ ᠡᠭᠦᠷᠭᠡ ᠪᠣᠯᠭᠠᠵᠤ᠂ ᠲᠦᠷᠭᠡᠨ ᠰᠢᠢᠳᠪᠦᠷᠢᠯᠡᠵᠦ᠂ ᠶᠠᠰᠤ ᠴᠢᠨᠠᠷ ᠦᠷ᠎ᠡ ᠪᠦᠲᠦᠮᠵᠢ ᠶᠢ ᠴᠢᠩᠭ᠎ᠠ ᠠᠳᠬᠤᠵᠤ᠂ ᠡᠭᠦᠨ ᠳᠤ ᠪᠢᠳᠡᠨ ᠤ ᠲᠦᠷᠦᠭᠦᠯᠡᠨ ᠬᠠᠷᠢᠭᠤᠴᠠᠵᠤ ᠪᠠᠶᠢᠭ᠎ᠠ ᠵᠦᠪᠰᠢᠶᠡᠷᠡᠬᠦᠯᠬᠦ ᠪᠠᠷ ᠪᠠᠶᠢᠭ᠎ᠠ ᠲᠦᠷᠦᠯ ᠵᠦᠢᠯ ᠢ ᠲᠦᠢᠯᠪᠤᠷᠢᠳᠠᠢ ᠪᠠᠶᠢᠴᠠᠭᠠᠬᠤ ᠠᠵᠢᠯ ᠪᠤᠯᠤᠨ ︿ᠬᠠᠭᠠᠰ ᠳᠤᠲᠠᠭᠤ ᠤᠷᠬᠢᠭᠰᠡᠨ﹀ ᠪᠠᠷᠢᠯᠭ᠎ᠠ ᠶᠢ ᠲᠦᠢᠯᠪᠤᠷᠢᠳᠠᠢ ᠪᠠᠶᠢᠴᠠᠭᠠᠬᠤ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ᠃ ᠵᠦᠪᠰᠢᠶᠡᠷᠡᠬᠦᠯᠬᠦ ᠪᠠᠷ ᠪᠠᠶᠢᠭ᠎ᠠ ᠲᠦᠷᠦᠯ ᠵᠦᠢᠯ ᠢ ᠲᠦᠢᠯᠪᠤᠷᠢᠳᠠᠢ ᠪᠠᠶᠢᠴᠠᠭᠠᠬᠤ ᠠᠵᠢᠯ ᠤᠨ ᠶᠠᠪᠤᠴᠠ ᠳᠤ ᠨᠥᠬᠦᠪᠥᠷᠢᠯᠡᠨ ᠵᠥᠪᠰᠢᠶᠡᠷᠡᠬᠦ ᠲᠦᠷᠦᠯ ᠵᠦᠢᠯ ᠢ ᠪᠦᠬᠦᠨ ᠢ ᠭᠦᠢᠴᠡᠳᠭᠡᠨ ᠳᠠᠭᠤᠰᠬᠠᠵᠤ᠂ ︿ᠬᠠᠭᠠᠰ ᠳᠤᠲᠠᠭᠤ ᠤᠷᠬᠢᠭᠰᠡᠨ﹀ ᠪᠠᠷᠢᠯᠭ᠎ᠠ ᠶᠢ ᠲᠦᠢᠯᠪᠤᠷᠢᠳᠠᠢ ᠪᠠᠶᠢᠴᠠᠭᠠᠬᠤ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ︾ ᠬᠡᠵᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠦᠷᠦᠭᠦᠬᠡᠨ ᠰᠤᠷᠪᠤᠯᠵᠢᠯᠠᠭᠴᠢ ᠳᠤ ᠬᠡᠯᠡᠪᠡ᠃         2022 ᠣᠨ ᠤ 8 ᠰᠠᠷ᠎ᠠ ᠶᠢᠨ 15 ᠤ ᠡᠳᠦᠷ᠂ 8 ᠰᠠᠷ᠎ᠠ ᠶᠢᠨ 16 ᠤ ᠡᠳᠤᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠥᠪᠥᠷ ᠮᠣᠩᠭᠤᠯ ᠤᠨ ᠵᠦᠪᠰᠢᠶᠡᠷᠡᠬᠦᠯᠬᠦ ᠪᠠᠷ ᠪᠠᠶᠢᠭ᠎ᠠ ᠲᠦᠷᠦᠯ ᠵᠦᠢᠯ ᠢ ᠲᠦᠢᠯᠪᠤᠷᠢᠳᠠᠢ ᠪᠠᠶᠢᠴᠠᠭᠠᠬᠤ ᠠᠵᠢᠯ ᠪᠤᠯᠤᠨ ︽ᠬᠠᠭᠠᠰ ᠳᠤᠲᠠᠭᠤ ᠤᠷᠬᠢᠭᠰᠡᠨ︾ ᠪᠠᠷᠢᠯᠭ᠎ᠠ ᠶᠢ ᠲᠦᠢᠯᠪᠤᠷᠢᠳᠠᠢ ᠪᠠᠶᠢᠴᠠᠭᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠦᠪᠰᠢᠶᠡᠷᠡᠬᠦᠯᠬᠦ ᠪᠠᠷ ᠪᠠᠶᠢᠭ᠎ᠠ ᠲᠦᠷᠦᠯ ᠵᠦᠢᠯ ᠢ ᠲᠦᠢᠯᠪᠤᠷᠢᠳᠠᠢ ᠪᠠᠶᠢᠴᠠᠭᠠᠬᠤ᠂ ᠡᠬᠡ ᠲᠠᠩᠰᠠ ᠪᠠᠶᠢᠭᠤᠯᠬᠤ ᠪᠠᠷ ᠳᠠᠮᠵᠢᠭᠤᠯᠤᠨ᠂ ᠡᠨᠡ ᠵᠢᠯ ᠤᠨ ᠵᠢᠯ ᠤᠨ ᠡᠴᠦᠰ ᠠᠴᠠ ᠡᠮᠦᠨ᠎ᠡ 2016 ᠣᠨ ᠡᠴᠠ‌ᠨᠠᠭᠠᠰᠢᠬᠢ ᠨᠥᠬᠦᠴᠡᠯ ᠳᠤ ᠨᠡᠶᠢᠴᠡᠬᠦ ᠵᠥᠪᠰᠢᠶᠡᠷᠡᠬᠦᠯᠬᠦ ᠪᠠᠷ ᠪᠠᠶᠢᠭ᠎ᠠ ᠲᠥᠷᠥᠯ ᠵᠦᠢᠯ ᠤᠨ ᠵᠥᠪᠰᠢᠶᠡᠷᠡᠬᠦ ᠶᠣᠰᠣᠲᠠᠶ ᠶᠢ ᠨᠢ ᠴᠥᠮ ᠵᠥᠪᠰᠢᠶᠡᠷᠡᠬᠦ ᠶᠢ ᠪᠡᠶᠡᠯᠡᠭᠦᠯᠪᠠ︔ ᠪᠦᠬᠦ ᠣᠷᠣᠨ ᠢᠯᠠᠩᠭᠤᠶ᠎ᠠ 2016 ᠣᠨ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠬᠢᠨᠠᠨ ᠵᠥᠪᠰᠢᠶᠡᠷᠡᠭᠰᠡᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠳᠤ ᠪᠦᠬᠦ ᠲᠠᠯ᠎ᠠ ᠶᠢᠨ ᠪᠦᠷᠢᠳᠬᠡᠯᠳᠡ ᠬᠢᠵᠦ᠂ ᠣᠯᠠᠨ ᠨᠡᠶᠢᠲᠡ ᠢᠢᠨ ᠰᠠᠭᠤᠷᠢ ᠲᠦᠬᠦᠬᠡᠷᠤᠮᠵᠢ ᠢᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠠᠢ ᠬᠡᠵᠤ ᠲᠦᠪ ᠴᠢᠩᠭ᠎ᠠ ᠪᠠᠷ ᠨᠡᠶᠢᠳᠠᠯᠠᠪᠠ᠃          ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠢᠯᠪᠤᠷᠢᠳᠠᠢ ᠪᠠᠶᠢᠴᠠᠭᠠᠬᠤ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠲᠣᠬᠢᠷᠠᠭᠤᠯᠵᠤ᠂ ᠪᠥᠬᠦ ᠵᠦᠪᠯᠡᠯ ᠤᠨ ᠬᠦᠴᠦᠨ ᠢ ᠳᠠᠶᠢᠴᠢᠯᠠᠨ ᠲᠦᠢᠯᠪᠤᠷᠢᠳᠠᠢ ᠪᠠᠶᠢᠴᠠᠭᠠᠬᠤ ᠠᠵᠢᠯ ᠳᠤ ᠣᠷᠣᠯᠴᠠᠭᠤᠯᠵᠤ᠂ ᠠᠵᠢᠯᠲᠠᠨ ᠲᠠᠲᠠᠵᠤ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠪᠠ᠃ ᠱᠠᠯᠠᠪᠳᠠᠭᠤᠯᠤᠨ ᠵᠢᠯᠣᠭᠤᠳᠴᠤ ᠳᠣᠭᠢᠷᠠᠭᠤᠯᠤᠨ ᠮᠡᠳᠡᠬᠦᠯᠬᠦ ᠶᠢ ᠴᠢᠩᠭᠠᠳᠬᠠᠵᠤ᠂ ᠠᠶᠢᠮᠠᠭ ᠬᠤᠲᠠ ᠶᠢᠨ ᠮᠡᠳᠡᠭᠦᠯᠦᠭᠰᠡᠨ ᠲᠥᠷᠥᠯ ᠵᠦᠢᠯ ᠢ ᠴᠠᠭ ᠲᠤᠬᠠᠶ ᠳᠤᠨᠢ ᠬᠠᠮᠢᠶ᠎ᠠ ᠪᠥᠬᠦᠶ ᠲᠢᠩᠬᠢᠮ ᠲᠣᠪᠴᠢᠶ᠎ᠠ ᠲᠠᠢ ᠵᠣᠬᠢᠴᠠᠭᠤᠯᠵᠤ ᠬᠢᠨᠠᠨ ᠵᠥᠪᠰᠢᠶᠡᠷᠡᠬᠦ ᠶᠢ ᠲᠦᠷᠭᠡᠳᠬᠡᠪᠡ᠃ ᠡᠭᠦᠨ ᠤ ᠬᠠᠮᠲᠤ ᠬᠢᠨᠠᠨ ᠵᠥᠪᠰᠢᠶᠡᠷᠡᠬᠦ ᠵᠢᠴᠢ ᠪᠠᠯᠠ ᠮᠥᠩᠭᠦ ᠲᠥᠷᠥ ᠶᠢᠨ ᠪᠣᠳᠣᠯᠭ᠎ᠠ ᠶᠢ ᠴᠢᠷᠮᠠᠶᠢᠨ ᠤᠯᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠵᠥᠪᠰᠢᠶᠡᠷᠡᠬᠦᠯᠬᠦ ᠪᠠᠷ ᠪᠠᠶᠢᠭ᠎ᠠ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ︽ᠬᠠᠭᠠᠰ ᠳᠤᠲᠠᠭᠤ ᠤᠷᠬᠢᠭᠰᠡᠨ︾ ᠪᠠᠷᠢᠯᠭ᠎ᠠ ᠶᠢ ᠠᠮᠢᠳᠤᠯᠢᠬᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠭᠰᠠᠨ ᠤ ᠳᠠᠷᠠᠭ᠎ᠠ᠂ ᠲᠤᠰᠬᠠᠶ ᠠᠵᠢᠯᠯᠠᠬᠤ ᠳᠤᠭᠤᠶᠢᠯᠠᠩ ᠤᠨ ᠬᠢᠨ ᠡᠳᠦᠷ ᠪᠦᠷᠢ ᠠᠵᠢᠯ ᠤᠨ ᠠᠬᠢᠴᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠭᠠᠷᠠᠭ ᠪᠦᠷᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠷ᠎ᠠ ᠪᠦᠷᠢ ᠡᠯ᠎ᠡ ᠠᠶᠢᠮᠠᠭ ᠬᠤᠲᠠ ᠶᠢᠨ ᠠᠵᠢᠯ ᠤᠨ ᠠᠬᠢᠴᠠ ᠶᠢ ᠮᠡᠳᠡᠭᠳᠡᠵᠦ᠂ ᠡᠯ᠎ᠡ ᠭᠠᠵᠠᠷ ᠤᠨ ᠬᠢᠨ ᠤ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠲᠦᠷᠦᠯ ᠵᠦᠢᠯ ᠢ ᠲᠦᠷᠭᠡᠨ ᠰᠶᠢᠳᠪᠦᠷᠢᠯᠡᠵᠤ ᠲᠠᠭᠤᠰᠬᠠᠬᠤ ᠶᠢ ᠠᠬᠢᠭᠤᠯᠪᠠ᠃         ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠵᠥᠪᠰᠢᠶᠡᠷᠡᠭᠦᠯᠬᠦ ᠪᠠᠷ ᠪᠠᠶᠢᠭ᠎ᠠ ᠪᠠ ︿ᠬᠠᠭᠠᠰ ᠳᠤᠲᠠᠭᠤ ᠤᠷᠬᠢᠬᠰᠠᠨ﹀ ᠢᠨᠵᠧᠨᠧᠷᠢᠩ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠮᠡᠳᠡᠭᠳᠡᠯ︾᠂ ︽ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︿ᠬᠠᠭᠠᠰ ᠳᠤᠲᠠᠭᠤ ᠤᠷᠬᠢᠭᠰᠡᠨ﹀ ᠪᠠᠷᠢᠯᠭ᠎ᠠ ᠶᠢ ᠲᠥᠷᠥᠯ ᠬᠤᠪᠢᠶᠠᠨ ᠰᠢᠢᠳᠪᠦᠷᠢᠯᠡᠬᠦ ᠵᠢᠯᠣᠭᠤᠳᠬᠤ ᠰᠠᠨᠠᠯ︾᠂ ︽︿ᠬᠠᠭᠠᠰ ᠳᠤᠲᠠᠭᠤ ᠤᠷᠬᠢᠭᠰᠡᠨ﹀ ᠪᠠᠷᠢᠯᠭ᠎ᠠ ᠶᠢᠨ ᠠᠵᠢᠯᠯᠠᠭ᠎ᠠ ᠶᠢᠨ ᠲᠥᠰᠦᠯ︾ ᠵᠡᠷᠭᠡ ᠰᠢᠷᠢᠰ ᠪᠢᠴᠢᠭ ᠮᠠᠲ᠋ᠧᠷᠢᠶᠠᠯ ᠢ ᠲᠤᠭᠤᠷᠪᠢᠨ ᠳᠠᠷᠤᠮᠠᠯᠯᠠᠨ ᠲᠠᠷᠬᠠᠭᠠᠵᠤ᠂ ᠲᠦᠢᠯᠪᠤᠷᠢᠳᠠᠢ ᠪᠠᠶᠢᠴᠠᠭᠠᠬᠤ ᠪᠠᠷᠢᠮᠵᠢᠶ᠎ᠠ᠂ ᠰᠢᠢᠳᠪᠦᠷᠢᠯᠡᠬᠦ ᠱᠠᠭᠠᠷᠳᠠᠯᠭ᠎ᠠ᠂ ᠰᠶᠢᠳᠪᠦᠷᠢᠯᠡᠵᠤ ᠲᠠᠭᠤᠰᠬᠠᠬᠤ ᠶᠠᠪᠤᠴᠠ ᠵᠡᠷᠭᠡ ᠵᠦᠢᠯᠡᠰ ᠢ ᠲᠣᠳᠣᠷᠬᠠᠶᠢᠯᠠᠵᠤ᠂ ᠡᠯ᠎ᠡ ᠭᠠᠵᠠᠷ ᠤᠨ ᠲᠦᠷᠭᠡᠨ ᠰᠢᠢᠳᠪᠦᠷᠢᠯᠡᠬᠦ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃         ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠲᠤᠰᠬᠠᠶ ᠠᠵᠢᠯ ᠤᠨ ᠳᠤᠭᠤᠶᠢᠯᠠᠩ ᠨᠢ ᠰᠦᠯᠵᠢᠶᠡᠨ ᠳᠡᠭᠡᠷᠡᠬᠢ ᠱᠠᠯᠠᠪᠳᠠᠭᠤᠯᠤᠨ ᠵᠢᠯᠣᠭᠤᠳᠬᠤ ᠬᠤᠷᠠᠯ ᠢ ᠨᠡᠶᠢᠲᠡ 15 ᠤᠳᠠᠭ᠎ᠠ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠠᠵᠢᠯ ᠤᠨ ᠠᠬᠢᠴᠠ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠲᠣᠬᠢᠷᠠᠭᠤᠯᠵᠤ᠂ ᠡᠯ᠎ᠡ ᠰᠠᠯᠠᠭ᠎ᠠ ᠮᠥᠴᠢᠷ ᠡᠯ᠎ᠡ ᠠᠶᠢᠮᠠᠭ ᠬᠤᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠱᠠᠭᠠᠷᠳᠠᠯᠭ᠎ᠠ ᠳᠤᠷᠠᠳᠴᠤ᠂ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠪᠠ᠃       ᠣᠯᠠᠨ ᠲᠠᠯ᠎ᠠ ᠪᠠᠷ ᠬᠦᠴᠦᠯᠡᠵᠦ᠂ ᠥᠪᠥᠷ ᠮᠣᠩᠭᠤᠯ ᠤᠨ ᠵᠦᠪᠰᠢᠶᠡᠷᠡᠬᠦᠯᠬᠦ ᠪᠠᠷ ᠪᠠᠶᠢᠭ᠎ᠠ ᠲᠥᠷᠥᠯ ᠵᠦᠢᠯ ᠢ ᠲᠦᠢᠯᠪᠤᠷᠢᠳᠠᠢ ᠪᠠᠶᠢᠴᠠᠭᠠᠬᠤ ᠠᠵᠢᠯ ᠪᠠ ︽ᠬᠠᠭᠠᠰ ᠳᠤᠲᠠᠭᠤ ᠤᠷᠬᠢᠭᠰᠡᠨ︾ ᠪᠠᠷᠢᠯᠭ᠎ᠠ ᠶᠢ ᠲᠦᠢᠯᠪᠤᠷᠢᠳᠠᠢ ᠪᠠᠶᠢᠴᠠᠭᠠᠬᠤ ᠠᠵᠢᠯ ᠪᠣᠳᠠᠲᠠᠶ ᠦᠷ᠎ᠡ ᠪᠦᠲᠦᠮᠵᠢ ᠤᠯᠪᠠ᠃ ᠵᠦᠪᠰᠢᠶᠡᠷᠡᠬᠦᠯᠬᠦ ᠪᠠᠷ ᠪᠠᠶᠢᠭ᠎ᠠ ᠲᠥᠷᠥᠯ ᠵᠦᠢᠯ ᠤᠨ ᠲᠦᠢᠯᠪᠤᠷᠢᠳᠠᠢ ᠪᠠᠶᠢᠴᠠᠭᠠᠯᠳᠠ ᠶᠢᠨ ᠲᠠᠯ᠎ᠠ ᠪᠠᠷ᠂ ᠠᠵᠢᠯ ᠤᠨ ᠲᠥᠰᠦᠯ ᠤᠨ ᠶᠣᠰᠣᠭᠠᠷ ᠪᠥᠬᠦ ᠣᠷᠣᠨ ᠳᠤ 2016 ᠣᠨ ᠠᠴᠠ 2022 ᠤᠨ ᠤ 7 ᠰᠠᠷ᠎ᠠ ᠶᠢᠨ 30 ᠤ ᠡᠳᠦᠷ ᠪᠤᠯᠳᠠᠯᠠᠬᠢ ᠠᠴᠠ ᠨᠠᠭᠠᠰᠢᠬᠢ 9.6 ᠲᠦᠮᠡᠨ ᠲᠥᠷᠥᠯ ᠵᠦᠢᠯ ᠢ ᠡᠮᠬᠢᠯᠡᠨ ᠳᠢᠭᠯᠡᠵᠦ᠂ ᠨᠢᠭᠡᠨᠲᠡ ᠪᠠᠶᠢᠭᠤᠯᠤᠭᠰᠠᠨ᠂ ᠡᠮᠦᠨᠡᠬᠢ ᠬᠤᠭᠤᠴᠠᠭᠠᠨ ᠤ ᠭᠠᠷᠳᠠᠮ ᠨᠢ ᠪᠦᠷᠢᠨ ᠭᠦᠢᠴᠡᠳ ᠪᠠ ᠳᠠᠭᠢᠵᠤ ᠬᠡᠷᠡᠭᠵᠢᠭᠦᠯᠬᠦ ᠥᠬᠡᠶ ᠲᠥᠷᠥᠯ ᠵᠦᠢᠯ ᠢ ᠭᠠᠷᠭᠠᠪᠠᠯ᠂ ᠵᠥᠪᠰᠢᠶᠡᠷᠡᠬᠦᠯᠬᠦ ᠪᠠᠷ ᠪᠠᠶᠢᠭ᠎ᠠ ᠪᠠ ᠨᠥᠬᠦᠵᠦ ᠵᠥᠪᠰᠢᠶᠡᠷᠡᠬᠦᠯᠬᠦ ᠲᠥᠷᠥᠯ ᠵᠦᠢᠯ ᠤᠨ ᠡᠬᠡ ᠲᠠᠩᠰᠠ 2 ᠢ ᠪᠠᠶᠢᠭᠤᠯᠪᠠ᠃ ᠡᠭᠦᠨ ᠳᠤ᠂ ᠬᠡᠪ ᠤᠨ ᠬᠢᠨᠠᠨ ᠵᠥᠪᠰᠢᠶᠡᠷᠡᠬᠦᠯᠬᠦ ᠬᠡᠷᠡᠭᠴᠡᠭᠡ ᠲᠠᠢ 8061 ᠲᠥᠷᠥᠯ ᠵᠦᠢᠯ ᠢ ᠵᠥᠪᠰᠢᠶᠡᠷᠡᠭᠦᠯᠬᠦ ᠪᠠᠷ ᠪᠠᠶᠢᠭ᠎ᠠ ᠡᠬᠡ ᠲᠠᠩᠰᠠᠨ ᠳᠤ ᠣᠷᠣᠭᠤᠯᠵᠤ᠂ 2022 ᠣᠨ ᠤ ᠵᠢᠯ ᠤᠨ ᠡᠴᠦᠰ ᠠᠴᠠ ᠡᠮᠦᠨ᠎ᠡ ᠵᠥᠪᠰᠢᠶᠡᠷᠡᠬᠦ ᠶᠣᠰᠣᠲᠠᠶ ᠶᠢ ᠨᠢ ᠪᠦᠬᠦᠨ ᠢ ᠵᠥᠪᠰᠢᠶᠡᠷᠡᠬᠦ ᠶᠢ ᠪᠡᠶᠡᠯᠡᠭᠦᠯᠪᠠ︔ ᠨᠢᠭᠡᠨᠲᠡ ᠪᠠᠶᠢᠭᠤᠯᠤᠭᠰᠠᠨ ᠪᠠ ᠪᠠᠶᠢᠭᠤᠯᠵᠤ ᠪᠠᠶᠢᠭ᠎ᠠ ᠨᠥᠬᠦᠨ ᠵᠥᠪᠰᠢᠶᠡᠷᠡᠭᠦᠯᠬᠦ ᠴᠢᠬᠤᠯᠠᠳᠠᠢ 1265 ᠵᠦᠢᠯᠡᠰ ᠢ ᠨᠥᠬᠦᠨ ᠵᠥᠪᠰᠢᠶᠡᠷᠡᠭᠦᠯᠬᠦ ᠡᠬᠡ ᠲᠠᠩᠰᠠᠨ ᠳᠤ ᠣᠷᠣᠭᠤᠯᠵᠤ᠂ 2022 ᠣᠨ ᠤ ᠵᠢᠯ ᠤᠨ ᠡᠴᠦᠰ ᠠᠴᠠ ᠡᠮᠦᠨ᠎ᠡ ᠰᠶᠢᠳᠪᠦᠷᠢᠯᠡᠵᠤ ᠲᠠᠭᠤᠰᠬᠠᠪᠠ᠃ ᠣᠳᠣᠬᠠᠨ ᠪᠣᠯᠲᠠᠯ᠎ᠠ᠂ ᠵᠥᠪᠰᠢᠶᠡᠷᠡᠬᠦᠯᠬᠦ ᠴᠢᠬᠤᠯᠠᠲᠠᠶ ᠡᠬᠡ ᠲᠠᠩᠰᠠᠨ ᠤ 8061 ᠲᠥᠷᠥᠯ ᠵᠦᠢᠯ ᠤᠨ 7997 ᠲᠥᠷᠥᠯ ᠵᠦᠢᠯ ᠢ ᠨᠢᠭᠡᠨᠲᠡ ᠪᠦᠬᠦᠨ ᠢ ᠰᠶᠢᠳᠪᠦᠷᠢᠯᠡᠵᠤ ᠳᠠᠭᠤᠰᠬᠠᠵᠤ᠂ ᠰᠶᠢᠳᠪᠦᠷᠢᠯᠡᠵᠤ ᠳᠠᠭᠤᠰᠬᠠᠭᠰᠠᠨ ᠨᠣᠷᠮ᠎ᠠ ᠨᠢ 99.21% ᠳᠤ ᠬᠦᠷᠴᠡᠶ᠃ ᠨᠦᠬᠦᠨ ᠵᠦᠪᠰᠢᠶᠡᠷᠡᠬᠦᠯᠬᠦ ᠴᠢᠬᠤᠯᠠᠳᠠᠢ ᠡᠬᠡ ᠲᠠᠩᠰᠠᠠ ᠤ 1265 ᠲᠥᠷᠥᠯ ᠵᠦᠢᠯ ᠢ ᠪᠦᠬᠦᠨ ᠢ ᠰᠶᠢᠳᠪᠦᠷᠢᠯᠡᠵᠤ ᠲᠠᠭᠤᠰᠬᠠᠪᠠ᠃      ︽ᠬᠠᠭᠠᠰ ᠳᠤᠲᠠᠭᠤ ᠤᠷᠬᠢᠭᠰᠡᠨ︾ ᠪᠠᠷᠢᠯᠭ᠎ᠠ ᠶᠢᠨ ᠲᠦᠢᠯᠪᠤᠷᠢᠳᠠᠢ ᠪᠠᠶᠢᠴᠠᠭᠠᠯᠳᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠭᠤᠤᠯᠳᠠᠭᠤ 2016 ᠣᠨ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ 5197 ᠲᠥᠷᠥᠯ ᠵᠦᠢᠯ ᠳᠤ ᠲᠦᠢᠯᠪᠤᠷᠢᠳᠠᠢ ᠪᠠᠶᠢᠴᠠᠭᠠᠯᠳᠠ ᠬᠢᠵᠤ᠂ 2016 ᠣᠨ ᠠᠴᠠ ᠡᠮᠦᠨ᠎ᠡ ᠵᠢᠴᠢ ᠬᠡᠰᠡᠭ ᠬᠤᠰᠢᠭᠤ ᠰᠢᠶᠠᠨ ᠤ ᠨᠥᠯᠥᠭᠡ ᠲᠤᠰᠬᠠᠯ ᠢᠶᠠᠷ ᠨᠡᠯᠢᠶᠡᠳ ᠶᠡᠭᠡ ᠲᠥᠷᠥᠯ ᠵᠦᠢᠯ ᠢ ᠴᠦ ᠬᠠᠮᠲᠤ ᠳᠤᠨᠢ ᠲᠦᠢᠯᠪᠤᠷᠢᠳᠠᠢ ᠪᠠᠶᠢᠴᠠᠭᠠᠯᠳᠠ ᠬᠢᠵᠤ᠂ ᠨᠢᠭᠡᠨᠲᠡ ᠪᠠᠶᠢᠭᠤᠯᠵᠤ ᠳᠠᠭᠤᠰᠤᠭᠰᠠᠨ᠂ ᠪᠠᠶᠢᠭᠤᠯᠵᠤ ᠪᠠᠶᠢᠭ᠎ᠠ ᠪᠠ ᠠᠵᠢᠯ ᠡᠬᠢᠯᠡᠭᠦᠯᠦᠭᠡᠳᠦᠶ ᠲᠥᠷᠥᠯ ᠵᠦᠢᠯ ᠢ ᠭᠠᠷᠭᠠᠪᠠᠯ᠂ ︽ᠬᠠᠭᠠᠰ ᠳᠤᠲᠠᠭᠤ ᠤᠷᠬᠢᠭᠰᠡᠨ︾ ᠪᠠᠷᠢᠯᠭ᠎ᠠ ᠶᠢᠨ ᠡᠬᠡ ᠲᠠᠩᠰᠠ ᠶᠢ ᠪᠣᠶ ᠪᠣᠯᠭᠠᠵᠤ᠂ 387 ᠲᠥᠷᠥᠯ ᠵᠦᠢᠯ ᠢ ᠡᠬᠡ ᠲᠠᠩᠰᠠᠨ ᠳᠤ ᠤᠷᠤᠭᠤᠯᠵᠤ᠂ ᠲᠥᠯᠥᠪᠯᠡᠭᠡ ᠶᠣᠰᠣᠭᠠᠷ 2023 ᠣᠨ ᠤ ᠡᠴᠦᠰ ᠠᠴᠠ ᠡᠮᠦᠨ᠎ᠡ ᠪᠦᠬᠦᠨ ᠢ ᠠᠮᠢᠳᠤᠯᠢᠬᠵᠢᠭᠤᠯᠤᠨ᠎ᠠ᠃ ᠣᠳᠣᠬᠠᠨ ᠪᠣᠯᠲᠠᠯ᠎ᠠ᠂ ︽ᠬᠠᠭᠠᠰ ᠳᠤᠲᠠᠭᠤ ᠤᠷᠬᠢᠭᠰᠡᠨ︾ ᠪᠠᠷᠢᠯᠭ᠎ᠠ ᠶᠢᠨ ᠡᠬᠡ ᠲᠠᠩᠰᠠᠨ ᠳᠤ ᠤᠷᠤᠭᠤᠯᠤᠬᠰᠠᠨ 117 ᠲᠥᠷᠥᠯ ᠵᠦᠢᠯ ᠢ ᠠᠮᠢᠳᠤᠯᠢᠬᠵᠢᠭᠤᠯᠵᠤ᠂ ᠠᠮᠢᠳᠤᠯᠢᠬᠵᠢᠭᠤᠯᠤᠬᠰᠠᠨ ᠨᠣᠷᠮ᠎ᠠ ᠨᠢ 30.23 % ᠳᠤ ᠬᠦᠷᠴᠡᠶ᠃   ︵︽ᠦᠪᠤᠷ ᠮᠤᠩᠭᠤᠯ ᠤᠨ ᠡᠳᠦᠷ ‍ᠤᠨ‌‍ᠰᠤᠨᠢᠨ ︾ ᠠᠴᠠ ᠲᠡᠮᠵᠢᠭᠤᠯᠪᠡ︶    
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ