2022 ᠤᠨ ᠤ ᠮᠠᠨ ᠤ ᠬᠤᠳᠠ ᠶᠢᠨ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠬᠰᠡᠨ ᠶᠠᠷᠦᠩᠭᠡᠢ ᠭᠡᠮᠵᠢᠶ᠎ᠠ ᠶᠢᠨ ᠨᠡᠮᠡᠭᠳᠡᠯ ᠤᠨ ᠬᠤᠷᠳᠤᠴᠡ ᠪᠦᠭᠦ ᠤᠷᠤᠨ ᠳᠤ ᠲᠡᠷᠢᠭᠦᠯᠡᠯ᠎ᠠ
ᠨᠡᠶᠢᠲᠡᠯᠡᠭᠰᠡᠨ ᠴᠠᠭ᠄
2023/2/1
     2022 ᠣᠨ ᠳᠤ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠬᠰᠡᠨ ᠶᠡᠷᠦᠩᠬᠡᠶ ᠬᠡᠮᠵᠢᠶ᠎ᠡ 615.6 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶ ᠬᠡᠮᠵᠢᠶ᠎ᠡ ᠨᠢ ᠪᠥᠬᠦ ᠣᠷᠣᠨ ᠤ ᠭᠤᠷᠪᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 1.2 % ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠳᠡᠷᠢᠬᠦᠯᠡᠪᠡ᠃        ᠵᠠᠶᠢᠯᠠᠰᠢ ᠦᠭᠡᠢ ᠴᠢᠨᠡᠷᠳᠡᠢ ᠬᠡᠷᠡᠭᠯᠡᠭᠡ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠪᠠ᠃ 2022 ᠣᠨ ᠳᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠢᠯ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠪᠣᠷᠣᠯᠠᠭᠤᠯᠭ᠎ᠠ ᠰᠠᠶᠢᠳᠡᠢ ᠪᠣᠯᠪᠠ᠃ ᠪᠥᠬᠦ ᠬᠤᠲᠠ ᠶᠢᠨ ᠭᠡᠮᠵᠢᠶ᠎ᠠ ᠶᠢ ᠬᠢᠵᠠᠭᠠᠷᠯᠠᠭᠰᠠᠨ ᠠᠴᠠ ᠳᠡᠭᠡᠭᠰᠢᠬᠢ ᠠᠮᠤ ᠪᠤᠳᠠᠭ᠎ᠠ ᠢᠳᠡᠭᠡᠨ ᠤ ᠲᠣᠰᠣ ᠢᠳᠡᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ 23.7 % ᠪᠠᠷ ᠨᠡᠮᠡᠭᠳᠡᠵᠦ᠂ ᠬᠢᠲᠠᠳ ᠧᠦ᠋ᠷᠣᠫᠠ ᠡᠮ ᠤᠨ ᠲᠥᠷᠥᠯ ᠤᠨ ᠵᠢᠵᠢᠭᠯᠡᠨ ᠪᠤᠷᠤᠯᠠᠭᠤᠯᠤᠬᠰᠡᠨ ᠬᠡᠮᠵᠢᠶ᠎ᠡ 44.9 % ᠪᠠᠷ ᠨᠡᠮᠡᠭᠳᠡᠵᠦ᠂ ᠲᠣᠰ ᠲᠣᠰ ᠪᠥᠬᠦ ᠬᠤᠲᠠ ᠶᠢᠨ ᠭᠡᠮᠵᠢᠶ᠎ᠠ ᠶᠢ ᠬᠢᠵᠠᠭᠠᠷᠯᠠᠭᠰᠠᠨ ᠠᠴᠠ ᠳᠡᠭᠡᠭᠰᠢᠬᠢ ᠵᠢᠵᠢᠭᠯᠡᠨ ᠪᠤᠷᠤᠯᠠᠭᠤᠯᠤᠬᠰᠡᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 10.4 ᠪᠠ 31.6 ᠥᠨᠳᠥᠷ ᠪᠣᠯᠪᠠ᠃         ᠳᠡᠰ ᠳᠡᠪᠰᠢᠬᠦᠯᠬᠦ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠠᠯᠢᠶᠠᠳ ᠰᠠᠶᠢᠨ ᠪᠤᠯᠪᠡ᠃ 2022 ᠣᠨ ᠳᠤ᠂ ᠬᠡᠷᠡᠭᠯᠡᠭᠡᠨ ᠤ ᠲᠡᠰ ᠳᠡᠪᠰᠢᠬᠦᠯᠬᠦ ᠲᠦᠷᠦᠯ ᠤᠨ ᠲᠠᠸᠠᠷ ᠤᠨ ᠨᠡᠮᠡᠭᠳᠡᠯ ᠦᠷᠭᠦᠯᠵᠢᠯᠡᠨ ᠲᠡᠭᠡᠭᠰᠢᠯᠡᠪᠡ᠃ ᠪᠥᠬᠦ ᠬᠤᠲᠠ ᠶᠢᠨ ᠭᠡᠮᠵᠢᠶ᠎ᠠ ᠶᠢ ᠬᠢᠵᠠᠭᠠᠷᠯᠠᠭᠰᠠᠨ ᠠᠴᠠ ᠳᠡᠭᠡᠭᠰᠢᠬᠢ ᠠᠯᠲᠠ ᠮᠥᠩᠭᠦ ᠰᠤᠪᠤᠳ ᠡᠷᠲᠡᠨᠢ ᠶᠢᠨ ᠲᠥᠷᠥᠯ᠂ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ᠂ ᠬᠡᠷ ᠤᠨ ᠡᠳ᠋ᠯᠡᠯ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 23.3 %᠂ 113.7 %᠂ 70.8 % ᠪᠠᠷ ᠨᠡᠮᠡᠭᠳᠡᠪᠡ᠃          ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠤᠷᠤᠯᠠᠭᠤᠯᠭ᠎ᠠ ᠦᠷᠭᠦᠯᠵᠢᠯᠡᠨ ᠰᠠᠶᠢᠵᠢᠷᠠᠪᠡ᠃ 2022 ᠣᠨ ᠳᠤ᠂ ᠲᠥᠷᠥ ᠶᠢᠨ ᠪᠣᠳᠣᠯᠭ᠎ᠠ ᠶᠢᠨ ᠲᠠᠶᠢᠴᠢᠯᠠᠭ᠎ᠠ ᠲᠤᠤᠷ᠎ᠠ ᠰᠢᠨ᠎ᠡ ᠡᠨᠧᠷᠭᠢ ᠶᠢᠨ ᠮᠠᠰᠢᠨ ᠲᠡᠷᠭᠡ ᠲᠦᠷᠭᠡᠨ ᠢᠶᠠᠷ ᠨᠡᠮᠡᠭᠳᠡᠪᠡ᠃ ᠪᠥᠬᠦ ᠬᠤᠲᠠ ᠶᠢᠨ ᠭᠡᠮᠵᠢᠶ᠎ᠠ ᠶᠢ ᠬᠢᠵᠠᠭᠠᠷᠯᠠᠭᠰᠠᠨ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠬᠰᠡᠨ ᠲᠤᠭ᠎ᠠ 11.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 227.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠭᠡᠮᠵᠢᠶ᠎ᠠ ᠶᠢ ᠬᠢᠵᠠᠭᠠᠷᠯᠠᠭᠰᠠᠨ ᠠᠴᠠ ᠳᠡᠭᠡᠭᠰᠢᠬᠢ ᠮᠠᠰᠢᠨ ᠲᠡᠷᠭᠡᠨ ᠤ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 216.7 ᠥᠨᠳᠥᠷ ᠪᠣᠯᠵᠣ᠂ ᠭᠡᠮᠵᠢᠶ᠎ᠠ ᠶᠢ ᠬᠢᠵᠠᠭᠠᠷᠯᠠᠭᠰᠠᠨ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠬᠰᠡᠨ ᠲᠣᠭᠠᠨ ᠤ 16.3% ᠶᠢ ᠡᠵᠡᠯᠡᠪᠡ᠃         ᠰᠦᠯᠵᠢᠶᠡᠨ ᠳᠡᠭᠡᠷᠡᠬᠢ ᠬᠡᠷᠡᠭᠯᠡᠭᠡ ᠶᠢᠨ ᠲᠦᠷᠭᠡᠨ ᠨᠡᠮᠡᠭᠳᠡᠯ ᠢ ᠪᠠᠲᠤᠯᠠᠪᠠ᠃ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠭᠢᠵᠤ ᠪᠤᠷᠤᠯᠠᠭᠤᠯᠬᠤ᠂ ᠰᠦᠯᠵᠢᠶᠡᠨ ᠠᠴᠠ ᠭᠠᠳᠠᠨᠠᠭᠢ ᠪᠣᠷᠣᠯᠠᠭᠤᠯᠭ᠎ᠠ ᠶᠢ ᠠᠬᠢᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠯᠡᠭᠡᠨ ᠤ ᠨᠡᠮᠡᠭᠳᠡᠯ ᠢ ᠠᠬᠢᠭᠤᠯᠪᠠ᠃ 2022 ᠣᠨ ᠤ 1 — 12 ᠰᠠᠷ᠎ᠠ ᠳᠤ ᠪᠥᠬᠦ ᠬᠤᠲᠠ ᠶᠢᠨ ᠰᠦᠯᠵᠢᠶᠡᠨ ᠳᠡᠭᠡᠷ᠎ᠡ ᠵᠢᠵᠢᠭᠯᠡᠨ ᠪᠤᠷᠤᠯᠠᠭᠤᠯᠤᠬᠰᠡᠨ ᠲᠤᠭ᠎ᠠ ᠡᠷᠴᠢᠮᠲᠡᠶ ᠨᠡᠮᠡᠭᠳᠡᠬᠦ ᠬᠠᠨᠳᠤᠰᠢ ᠪᠠᠨ ᠪᠠᠲᠤᠯᠠᠪᠠ᠃ ᠭᠡᠮᠵᠢᠶ᠎ᠠ ᠶᠢ ᠬᠢᠵᠠᠭᠠᠷᠯᠠᠭᠰᠠᠨ ᠠᠴᠠ ᠳᠡᠭᠡᠭᠰᠢᠬᠢ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠪᠤᠷᠤᠯᠠᠭᠤᠯᠤᠬᠰᠡᠨ ᠬᠡᠮᠵᠢᠶ᠎ᠡ 100.0 % ᠪᠠᠷ ᠨᠡᠮᠡᠭᠳᠡᠵᠦ᠂ ᠭᠡᠮᠵᠢᠶ᠎ᠠ ᠶᠢ ᠬᠢᠵᠠᠭᠠᠷᠯᠠᠭᠰᠠᠨ ᠠᠴᠠ ᠳᠡᠭᠡᠭᠰᠢᠬᠢ ᠵᠢᠵᠢᠭᠯᠡᠨ ᠪᠤᠷᠤᠯᠠᠭᠤᠯᠤᠬᠰᠡᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 86.7 ᠥᠨᠳᠥᠷ ᠪᠣᠯᠪᠠ᠃     
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ