ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠬᠤᠯᠪᠤᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/2/13
     ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ 2022 ᠣᠨ ᠤ ᠠᠵᠢᠯ ᠤᠨ ᠳ᠋ᠦᠩᠨᠡᠯᠲᠡ ᠪᠠ 2023 ᠣᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠲᠠ ᠶᠢᠨ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠶᠢ ᠠᠭᠢᠭᠤᠯᠬᠤ 2023 ᠣᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠢ ᠡᠷᠭᠢᠯᠡᠪᠡ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠠᠭᠠᠨ ᠰᠠᠷ᠎ᠠ ᠠᠴᠠ ᠡᠮᠦᠨᠡᠬᠡᠨ ᠸᠢᠳᠢᠣ᠋ ᠪᠠᠷ ᠬᠤᠯᠪᠤᠯᠲᠤᠵᠤ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠢ ᠡᠷᠬᠢᠨ ᠥᠵᠡᠵᠤ ᠲᠣᠬᠤᠨᠢᠭᠤᠯᠬᠤ ᠦᠶ᠎ᠡ ᠶᠢᠨ ᠴᠢᠬᠤᠯᠠ ᠶᠠᠷᠢᠶ᠎ᠠ᠂ ᠴᠠᠭᠠᠨ ᠰᠠᠷ᠎ᠠ ᠠᠴᠠ ᠡᠮᠦᠨᠡᠬᠡᠨ ᠴᠡᠷᠢᠭ ᠠᠩᠭᠢ ᠶᠢᠨ ᠳᠠᠶᠢᠨ ᠤ ᠪᠡᠯᠡᠳᠭᠡᠯ ᠠᠵᠢᠯ ᠢ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ᠂ 2023 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶ᠎ᠠ᠂ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠳᠤ ᠲᠦᠰᠢᠭᠯᠡᠨ ᠲᠡᠦᠬᠡ ᠶᠢᠨ ᠦᠶᠡᠯᠡᠯ ᠤᠨ ᠵᠢᠮ᠎ᠠ ᠶᠢ ᠳᠠᠪᠠᠭᠰᠠᠨ ᠠᠮᠵᠢᠯᠲᠠ ᠲᠠᠢ ᠠᠷᠭ᠎ᠠ ᠵᠠᠮ ᠢ ᠬᠠᠶᠢᠨ ᠰᠦᠪᠡᠭᠴᠢᠯᠡᠶ᠎ᠡ︾ ᠭᠡᠬᠦ ᠴᠢᠬᠤᠯᠠ ᠵᠣᠬᠢᠶᠠᠯ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠵᠣᠭᠰᠣᠴᠠ ᠪᠠᠨ ᠪᠠᠳᠤᠳᠬᠠᠨ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠬᠦ ᠶᠢ ᠠᠳᠬᠤᠬᠤ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ 2022 ᠣᠨ ᠤ ᠠᠵᠢᠯ ᠤᠨ ᠳ᠋ᠦᠩᠨᠡᠯᠲᠡ ᠪᠠ 2023 ᠣᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠷᠠᠯᠲᠠ ᠪᠠᠨ ᠰᠤᠯᠠᠷᠠᠭᠤᠯᠤᠯ ᠥᠬᠡᠶ ᠪᠠᠷᠢᠮᠲᠠᠯᠠᠨ᠂ ᠳᠠᠷᠤᠯᠲᠠ ᠥᠭᠴᠦ ᠡᠷᠡᠮᠡᠭᠡᠶᠢᠯᠡᠨ ᠤᠷᠤᠭᠰᠢᠯᠠᠵᠦ᠂ ᠦᠨᠡᠨ ᠬᠦ ᠠᠳᠬᠤᠵᠤ ᠪᠣᠳᠠᠲᠠᠶ ᠠᠵᠢᠯᠯᠠᠨ᠂ ᠡᠭᠦᠷᠭᠡ ᠪᠠᠨ ᠬᠠᠰᠤᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠥᠬᠦ ᠬᠤᠲᠠ ᠶᠢᠨ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠶᠢ ᠠᠬᠢᠭᠤᠯᠬᠤ 2023 ᠣᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠳᠤᠯᠭᠠᠨ ᠢ ᠳᠠᠬᠢᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠴᠠᠷᠠᠭᠠᠨ ᠤ ᠪᠣᠳᠠᠲᠠᠶ ᠬᠠᠷᠠᠯᠲᠠ ᠪᠠ ᠠᠵᠢᠯ ᠤᠨ ᠡᠭᠦᠷᠭᠡ ᠶᠢ ᠣᠨᠣᠪᠴᠢᠲᠠᠶ ᠡᠵᠡᠮᠳᠡᠬᠦ ᠬᠡᠷᠡᠭᠲᠡᠶ᠃ ᠠᠷᠭ᠎ᠠ ᠬᠡᠮᠵᠢᠶ᠎ᠡ ᠶᠢ ᠳᠠᠬᠢᠨ ᠨᠠᠷᠢᠯᠢᠬᠵᠢᠭᠤᠯᠵᠤ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠪᠠ ᠭᠤᠤᠯᠳᠠᠯᠭ᠎ᠠ ᠲᠠᠢ ᠲᠥᠷᠥᠯ ᠵᠦᠢᠯ ᠢ ᠲᠦᠯᠦᠪᠵᠢᠬᠦᠯᠦᠨ ᠡᠮᠬᠢᠯᠡᠵᠦ᠂ ᠡᠭᠦᠷᠭᠡ ᠶᠢ ᠬᠤᠰᠢᠭᠤ ᠲᠣᠭᠤᠷᠢᠭ᠂ ᠰᠠᠯᠠᠭ᠎ᠠ ᠮᠥᠴᠢᠷ ᠪᠠ ᠬᠠᠷᠢᠭᠤᠴᠠᠯᠭ᠎ᠠ ᠶᠢᠨ ᠬᠦᠮᠦᠨ ᠳᠤ ᠭᠥᠷᠲᠡᠯ᠎ᠠ ᠬᠤᠪᠢᠶᠠᠷᠢᠯᠠᠨ ᠥᠭᠬᠦ ᠬᠡᠷᠡᠭᠲᠡᠶ᠃ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠲᠤᠯᠤᠭᠠᠶᠢᠯᠠᠨ ᠤᠳᠤᠷᠢᠳᠴᠤ᠂ ᠲᠤᠯᠤᠭᠠᠶᠢᠯᠠᠨ ᠬᠢᠬᠦ ᠨᠢᠭᠡᠴᠢ ᠦᠨᠡᠨ ᠬᠦ ᠲᠤᠯᠤᠭᠠᠶᠢᠯᠠᠨ ᠬᠢᠵᠦ᠂ ᠬᠠᠷᠢᠭᠤᠴᠠᠯᠭ᠎ᠠ ᠡᠬᠦᠷᠭᠡᠯᠡᠬᠦ ᠨᠢᠭᠡᠴᠢ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠨᠡ ᠵᠢᠯ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃  
ᠢᠷᠡᠯᠲᠡ᠄ ᠤᠷᠳᠤᠰ ᠮᠤᠩᠭᠤᠯ ᠰᠦᠯᠵᠢᠶ᠎ᠡ