ᠴᠠᠭᠠᠨ ᠢᠳᠡᠭᠡᠨ ᠤ ᠡᠮᠳᠦ ᠬᠡᠷᠡᠭᠴᠡᠭᠡ
ᠨᠡᠶᠢᠲᠡᠯᠡᠭᠰᠡᠨ ᠴᠠᠭ᠄
2023/2/13
                                      ᠨᠢᠬᠡ᠂ ᠦᠷᠯᠦᠬᠡ ᠪᠦᠷᠢ ᠪᠤᠰᠤᠭᠰᠠᠨ ᠤ ᠲᠠᠷᠠᠭ᠎ᠠ ᠦᠯᠦᠨ ᠢᠶᠠᠷ 200g ᠰᠦ ᠤᠤᠭᠤᠨ᠎ᠠ᠂ 30 ᠬᠤᠨᠤᠭ ᠢᠡᠭᠭᠢᠵᠦ ᠰᠦ ᠤᠤᠭᠤᠪᠠᠯ ᠬᠦᠮᠦᠨ ᠤ ᠪᠡᠶ᠎ᠡ ᠶᠢᠨ ᠴᠢᠰᠤᠨ ᠤ ᠤᠯᠠᠭᠠᠨ ᠡᠰ ᠤᠨ ᠲᠤᠭ᠎ᠠ ᠨᠡᠮᠡᠭᠳᠡᠵᠦ᠂ ᠴᠢᠰᠤ ᠲᠤᠳᠠᠭᠳᠠᠬᠤ᠂ ᠰᠢᠮ᠎ᠠ ᠲᠡᠵᠢᠬᠡᠯ ᠲᠤᠳᠠᠭᠳᠠᠬᠤ ᠵᠡᠷᠬᠡ ᠡᠪᠡᠳᠴᠢᠨ ᠡᠮᠬᠡᠭ ᠢ ᠵᠠᠰᠠᠨ᠎ᠠ᠃     ᠬᠤᠶᠠᠷ᠂ 250g ᠰᠦᠨ ᠳᠤ 50g ᠯᠤᠬᠠᠱᠸᠡᠭ ᠨᠢᠴᠠᠯᠤᠨ ᠬᠢᠵᠦ ᠪᠤᠴᠠᠯᠭᠠᠭᠠᠳ ᠡᠳᠦᠷ ᠪᠦᠷᠢ ᠪᠠᠯ ᠢᠶᠠᠷ ᠲᠠᠷᠤᠭᠤᠯᠵᠤ ᠤᠤᠭᠤᠨ᠎ᠠ᠃ 30 ᠬᠤᠨᠤᠭ ᠢᠡᠭᠭᠢᠵᠦ ᠤᠤᠭᠤᠪᠠᠯ  ᠬᠤᠳᠤᠭᠤᠳᠤᠨ ᠤ ᠰᠢᠩᠭᠡᠭᠡᠯᠳᠡ ᠶᠢ ᠰᠠᠶᠢᠵᠢᠷᠠᠭᠤᠯᠤᠨ᠎ᠠ᠃      ᠭᠤᠷᠪᠠ᠂ 250g ᠰᠢᠨ᠎ᠠ ᠰᠦᠨ ᠳᠤ ᠪᠠᠭ᠎ᠠ ᠬᠡᠮᠵᠢᠶᠡᠨ ᠤ ᠲᠦᠬᠦᠬᠡᠢ ᠭᠠ ᠬᠢᠵᠦ ᠪᠤᠴᠠᠯᠭᠠᠭᠠᠳ ᠡᠳᠦᠷ ᠲᠤ 2 ᠤᠳᠠᠭ᠎ᠠ ᠤᠤᠭᠤᠪᠠᠯ ᠲᠤᠷ᠎ᠠ ᠪᠤᠯᠬᠢᠵᠤ ᠪᠦᠬᠡᠯᠵᠢᠬᠦ ᠶᠢ ᠵᠠᠰᠠᠨ᠎ᠠ᠃     ᠲᠦᠷᠪᠡ᠂ 250g ᠰᠦᠨ ᠳᠤ 1 ᠪᠦᠬᠦᠯᠢ ᠦᠨᠳᠡᠭᠡ ᠶᠢ ᠬᠠᠭᠠᠯᠵᠤ ᠴᠢᠨᠠᠭᠠᠳ ᠦᠷᠯᠦᠬᠡ ᠡᠷᠳᠡ ᠦᠯᠦᠨ ᠢᠶᠠᠷ ᠢᠳᠡᠨ᠎ᠠ᠂ ᠢᠡᠭᠭᠢᠵᠦ ᠨᠡᠯᠢᠶᠡᠳ ᠬᠡᠳᠦᠨ ᠡᠳᠦᠷ ᠵᠠᠯᠭᠠᠵᠤ ᠢᠳᠡᠪᠡᠯ ᠤᠳᠠᠭᠠᠨ ᠴᠢᠨᠠᠷᠳᠠᠢ ᠬᠤᠳᠤᠭᠤᠳᠤᠨ ᠦᠷᠪᠢᠰᠦᠯ ᠢ ᠵᠠᠰᠠᠬᠤ ᠳᠤ ᠰᠡᠶᠢᠨ ᠪᠠᠶᠢᠳᠠᠭ᠃     ᠲᠠᠪᠤ᠂ 250g ᠰᠦ ᠶᠢ ᠪᠤᠴᠠᠯᠭᠠᠭᠠᠳ 50g ᠪᠠᠯ᠂ ᠨᠢᠰᠢᠩᠭᠦ ᠶᠢᠨ ᠲᠠᠯᠬ᠎ᠠ ᠬᠢᠵᠦ ᠤᠤᠭᠤᠪᠠᠯ ᠬᠤᠳᠤᠭᠤᠳᠤᠨ ᠤ ᠰᠢᠷᠬᠠᠯᠠᠭ᠎ᠠ ᠪᠠ ᠨᠤᠭᠤᠯᠤᠭᠤᠷ ᠬᠡᠳᠡᠰᠦᠨ ᠤ ᠰᠢᠷᠬᠠᠯᠠᠭ᠎ᠠ ᠶᠢ ᠵᠠᠰᠠᠬᠤ ᠳᠤ ᠲᠤᠰᠠᠳᠠᠢ᠃     ᠵᠢᠷᠭᠤᠭ᠎ᠠ᠂ 500g ᠰᠦᠨ ᠳᠤ 15g ᠴᠢᠪᠠᠭ᠎ᠠ᠂ 100g ᠲᠤᠲᠤᠷᠭ᠎ᠠ ᠬᠢᠵᠦ ᠴᠢᠨᠠᠭᠠᠳ ᠢᠳᠡᠪᠡᠯ ᠲᠠᠮᠢᠷ ᠮᠠᠭᠤᠳᠠᠬᠤ᠂ ᠴᠢᠰᠤ ᠬᠦᠷᠦᠯᠴᠡᠬᠦ ᠦᠬᠡᠢ᠂ ᠶᠠᠳᠠᠷᠠᠵᠤ ᠲᠠᠮᠢᠷᠳᠠᠬᠤ ᠳᠤ ᠵᠠᠰᠠᠯ ᠪᠤᠯᠤᠨ᠎ᠠ᠃     ᠲᠤᠯᠤᠭ᠎ᠠ᠂ ᠲᠤᠲᠤᠷᠭ᠎ᠠ ᠶᠢᠨ ᠰᠢᠩᠭᠡᠨ ᠪᠤᠳᠠᠭᠠᠨ ᠳᠤ ᠰᠦ ᠬᠢᠵᠦ ᠪᠤᠴᠠᠯᠭᠠᠭᠠᠳ ᠦᠷᠯᠦᠬᠡ᠂ ᠤᠷᠤᠢ ᠳᠠᠭᠠᠨ ᠪᠦᠯᠢᠶᠡᠨ ᠢᠶᠠᠷ ᠢᠳᠡᠪᠡᠯ ᠢᠳᠡᠷᠴᠤᠳ ᠪᠠ ᠨᠠᠰᠤᠳᠠᠶᠢᠴᠤᠳ ᠤᠨ ᠪᠡᠶ᠎ᠡ ᠲᠠᠮᠢᠷ ᠰᠤᠯᠠ ᠲᠤᠷᠤᠢ᠂ ᠲᠠᠮᠢᠷ ᠴᠢᠰᠤ ᠶᠢᠨ ᠬᠤᠷᠤᠭᠳᠠᠯ ᠪᠠ ᠡᠪᠡᠳᠴᠢᠯᠡᠬᠡᠳ ᠡᠴᠡᠵᠦ ᠲᠤᠷᠠᠬᠤ᠂ ᠠᠮᠠ ᠬᠠᠳᠠᠵᠤ ᠤᠮᠳᠠᠭᠠᠰᠬᠤ᠂ ᠬᠤᠳᠤᠭᠤᠳᠤ ᠤᠷᠪᠠᠨ ᠵᠠᠩᠭᠢᠷᠠᠬᠤ᠂ ᠬᠤᠷᠭᠤᠰᠤᠯᠠᠬᠤ ᠵᠡᠷᠬᠡ ᠡᠪᠡᠳᠴᠢᠨ ᠠᠷᠬᠠᠭ ᠢ ᠵᠠᠰᠠᠬᠤ ᠳᠤ ᠲᠤᠰᠠᠳᠠᠢ᠃      ᠨᠠᠢᠮᠨ᠂ 250g ᠰᠦ ᠶᠢ ᠪᠤᠴᠠᠯᠭᠠᠭᠠᠳ 6g ᠪᠤᠭᠤ ᠶᠢᠨ ᠡᠪᠡᠷ ᠤᠨ ᠴᠠᠪᠠᠤ ᠬᠢᠵᠦ ᠬᠠᠶᠢᠯᠤᠭᠤᠯᠤᠨ ᠪᠠᠭ᠎ᠠ ᠪᠠᠯ ᠬᠢᠵᠦ ᠬᠤᠳᠬᠤᠯᠠᠭᠰᠠᠨ ᠤ ᠬᠤᠶᠢᠨ᠎ᠠ ᠡᠳᠦᠷ ᠲᠤ 2 ᠤᠳᠠᠭ᠎ᠠ ᠤᠤᠭᠤᠪᠠᠯ ᠪᠦᠬᠡᠷ᠎ᠡ ᠶᠢᠨ ᠬᠡᠢ ᠪᠠ ᠨᠢᠷᠤᠭᠤ ᠡᠪᠡᠳᠬᠦ᠂ ᠲᠤᠯᠤᠭᠠᠢ ᠡᠷᠬᠢᠨ ᠨᠢᠳᠦ ᠡᠷᠢᠶᠡᠯᠵᠡᠬᠦ᠂ ᠴᠢᠷᠠᠢ ᠬᠤᠵᠶᠢᠬᠤ ᠵᠡᠷᠬᠡ ᠡᠪᠡᠳᠴᠢᠨ ᠠᠷᠬᠠᠭ ᠢ ᠵᠠᠰᠠᠬᠤ ᠳᠤ ᠲᠤᠰᠠᠳᠠᠢ᠃      ᠶᠢᠰᠤ᠂ ᠰᠦ ᠪᠠᠰᠠ ᠵᠠᠷᠢᠮ ᠡᠪᠡᠳᠴᠢᠨ ᠢ ᠰᠡᠷᠬᠡᠶᠢᠯᠡᠬᠦ ᠴᠢᠳᠠᠪᠤᠷᠢ ᠲᠠᠢ ᠶᠤᠮ᠃ ᠰᠦᠨ ᠲᠤᠲᠤᠷ᠎ᠠ ᠶᠡᠭᠡ ᠬᠡᠮᠵᠢᠶᠡᠨ ᠤ ᠤᠭᠤᠷᠠᠭ ᠡᠳ᠋ ᠠᠭᠤᠯᠤᠭᠳᠠᠵᠤ᠂ ᠲᠡᠷᠡ ᠨᠢ ᠬᠦᠮᠦᠨ ᠤ ᠬᠤᠳᠤᠭᠤᠳᠤ ᠬᠡᠳᠡᠰᠦᠨ ᠳᠤ ᠤᠷᠤᠭᠰᠠᠨ ᠲᠤᠭᠤᠯᠭ᠎ᠠ᠂ ᠮᠦᠡᠭᠭᠦᠨ ᠤᠰᠤ ᠵᠡᠷᠬᠡ ᠪᠡᠶᠡᠨ ᠳᠤ ᠬᠤᠤᠷᠳᠠᠢ ᠲᠡᠮᠦᠷᠯᠢᠭ ᠪᠤᠳᠠᠰ ᠲᠠᠢ ᠨᠡᠶᠢᠯᠡᠵᠦ᠂ ᠠᠭᠤᠰᠬᠤ ᠴᠢᠨᠠᠷ ᠢᠶᠠᠷ ᠮᠠᠭᠤ ᠨᠢᠬᠡᠳᠦᠮᠡᠯ ᠪᠤᠳᠠᠰ ᠪᠤᠯᠤᠭᠠᠳ ᠰᠢᠬᠡᠰᠦ ᠪᠠᠷ ᠲᠠᠮᠵᠢᠨ ᠭᠠᠳᠠᠭᠰᠢᠯᠠᠨ᠎ᠠ᠃      ᠠᠷᠪᠠ᠂ ᠰᠦᠨ ᠲᠤᠲᠤᠷ᠎ᠠ ᠲᠤᠭᠳᠠᠭᠰᠠᠨ ᠬᠡᠮᠵᠢᠶᠡᠨ ᠤ ᠬᠡᠦᠬᠡᠳ ᠤᠨ ᠰᠠ ᠡᠪᠡᠳᠴᠢᠨ ᠤ ᠬᠤᠤᠷ᠂ ᠰᠠᠪᠬᠠᠨᠴᠢᠷ ᠪᠠᠺᠲ᠋ᠧᠷᠢ ᠶᠢ ᠡᠰᠡᠷᠬᠦᠴᠡᠬᠦ ᠪᠤᠳᠠᠰ ᠠᠭᠤᠯᠤᠭᠳᠠᠵᠤ ᠪᠠᠶᠢᠬᠤ ᠲᠤᠯᠠ ᠨᠢᠯᠬ᠎ᠠ ᠬᠡᠦᠬᠡᠳ ᠲᠤ ᠰᠦ ᠤᠤᠭᠤᠯᠭᠠᠪᠠᠯ ᠲᠡᠲᠡᠬᠡᠷ ᠪᠠᠺᠲ᠋ᠧᠷᠢ ᠪᠠ ᠡᠪᠡᠳᠴᠢᠨ ᠤ ᠬᠤᠤᠷ ᠢ ᠡᠰᠡᠷᠬᠦᠴᠡᠬᠦ ᠴᠢᠳᠠᠪᠤᠷᠢ ᠶᠢ ᠨᠡᠮᠡᠭᠳᠡᠬᠦᠯᠦᠨ᠎ᠠ᠃      ᠠᠷᠪᠠᠨ ᠨᠢᠬᠡ᠂ ᠰᠠᠶ᠋ᠢ ᠲᠦᠷᠦᠭᠰᠡᠨ ᠨᠢᠷᠡᠢ ᠬᠡᠦᠬᠡᠳ ᠢ ᠬᠦᠬᠦᠬᠦᠯᠬᠦ ᠠᠴᠠ ᠡᠮᠦᠨ᠎ᠡ ᠰᠢᠷ᠎ᠠ ᠲᠤᠰᠤ ᠶᠢ ᠠᠮᠠᠨ ᠳᠤᠨᠢ ᠬᠢᠵᠦ ᠤᠤᠭᠤᠯᠭᠠᠪᠠᠯ ᠵᠤᠩᠭᠠᠭ ᠢ ᠨᠢ ᠠᠷᠢᠯᠭᠠᠵᠤ᠂ ᠬᠡᠳᠡᠰᠦ ᠶᠢ ᠨᠢ ᠴᠡᠪᠡᠷᠰᠢᠬᠦᠯᠳᠡᠭ᠃      ᠠᠷᠪᠠᠨ ᠬᠤᠶᠠᠷ᠂ ᠰᠠᠯᠬᠢ ᠠᠪᠤᠭᠰᠠᠨ ᠠᠴᠠ ᠪᠤᠯᠵᠤ ᠬᠡᠦᠬᠡᠳ ᠤᠨ ᠬᠡᠳᠡᠰᠦ ᠬᠦᠬᠡᠬᠡᠪᠡᠯ ᠰᠢᠷ᠎ᠠ ᠲᠤᠰᠤ ᠶᠢ ᠬᠠᠶᠢᠯᠤᠭᠤᠯᠤᠭᠠᠳ ᠭᠠᠷ ᠲᠡᠭᠡᠷ᠎ᠡ ᠪᠠᠨ ᠲᠦᠷᠬᠢᠵᠦ ᠬᠡᠳᠡᠰᠦ ᠶᠢ ᠨᠢ ᠢᠯᠢᠪᠡᠯ ᠰᠡᠶᠢᠨ ᠪᠤᠯᠳᠠᠭ᠃      ᠠᠷᠪᠠᠨ ᠭᠤᠷᠪᠠ᠂ ᠰᠢᠷ᠎ᠠ ᠲᠤᠰᠤ ᠶᠢ ᠪᠤᠷᠠᠮ ᠲᠠᠢ ᠬᠤᠯᠢᠵᠤ ᠤᠤᠭᠤᠪᠠᠯ ᠬᠠᠨᠢᠶᠠᠬᠤ ᠶᠢ ᠵᠤᠭᠰᠤᠭᠠᠳᠠᠭ᠃      ᠠᠷᠪᠠᠨ ᠲᠦᠷᠪᠡ᠂ ᠵᠦᠬᠡᠢ᠂ ᠰᠢᠮᠠᠭᠤᠯ ᠳᠤ ᠬᠠᠳᠬᠤᠭᠳᠠᠭᠰᠠᠨ ᠭᠠᠵᠠᠷ ᠲᠤ ᠠᠶᠢᠷᠠᠭ ᠲᠠᠷᠠᠭ ᠲᠦᠷᠬᠢᠪᠡᠯ ᠬᠤᠤᠷ ᠢ ᠨᠢ ᠲᠠᠶᠢᠯᠳᠠᠭ᠃       ᠠᠷᠪᠠᠨ ᠲᠠᠪᠤ᠂ ᠨᠠᠰᠤᠳᠠᠢ ᠬᠦᠮᠦᠨ ᠦᠷᠬᠦᠯᠵᠢ ᠰᠢᠷ᠎ᠠ ᠲᠤᠰᠤ ᠢᠳᠡᠪᠡᠯ ᠬᠡᠳᠡᠰᠦ ᠬᠦᠬᠡᠬᠡᠬᠦ ᠳᠤ ᠰᠡᠶᠢᠨ ᠮᠦᠷᠳᠡᠬᠡᠨ ᠰᠢᠮ᠎ᠠ ᠲᠡᠵᠢᠬᠡᠯ ᠬᠦᠷᠳᠡᠵᠦ᠂ ᠲᠠᠮᠢᠷ ᠲᠡᠩᠭᠡᠭᠡ ᠨᠢ ᠰᠠᠶᠢᠵᠢᠷᠠᠨ᠎ᠠ᠃      ᠠᠷᠪᠠᠨ ᠵᠢᠷᠭᠤᠭ᠎ᠠ᠂ ᠰᠤᠭᠳᠤᠭᠰᠠᠨ ᠪᠤᠶᠤ ᠰᠢᠷᠠᠳᠤᠭᠰᠠᠨ ᠬᠦᠮᠦᠨ ᠠᠶᠢᠷᠠᠭ ᠲᠠᠷᠠᠭ ᠤᠤᠭᠤᠪᠠᠯ ᠠᠮᠠᠷᠬᠠᠨ ᠰᠡᠷᠬᠦᠨ᠎ᠠ᠃      ᠠᠷᠪᠠᠨ ᠲᠤᠯᠤᠭ᠎ᠠ᠂ ᠴᠠᠭᠠᠨ ᠢᠳᠡᠭᠡ ᠢᠯᠡᠬᠦᠬᠡᠨ ᠢᠳᠡᠪᠡᠯ ᠰᠦᠰᠦᠨ ᠤ ᠴᠢᠯᠠᠭᠤᠵᠢᠯ ᠠᠴᠠ ᠰᠡᠷᠬᠡᠶᠢᠯᠡᠵᠦ ᠲᠡᠶᠢᠯᠦᠨ᠎ᠠ᠃      ᠠᠷᠪᠠᠨ ᠨᠠᠢᠮᠨ᠂ ᠡᠮ ᠳᠤ ᠬᠤᠤᠷᠳᠠᠭᠰᠠᠨ ᠬᠦᠮᠦᠨ ᠠᠶᠢᠷᠠᠭ ᠲᠠᠷᠠᠭ ᠤᠤᠭᠤᠪᠠᠯ ᠰᠡᠶᠢᠨ ᠪᠤᠯᠳᠠᠭ᠃                      
ᠢᠷᠡᠯᠲᠡ᠄ ︽ᠰᠢᠳᠦᠬᠡᠨ ᠮᠤᠩᠭᠤᠯ︾ ᠵᠢᠷᠬᠢᠶ᠎ᠠ ᠲᠠᠪᠴᠡᠩ ᠠᠴᠠ