​ ᠬᠡᠤᠬᠡᠳ ᠪᠠᠭᠠᠴᠤᠳ ᠤᠨ ᠦᠰᠦᠯᠲᠡ ᠤᠳᠠᠭᠠᠰᠢᠷᠠᠪᠠᠯ ᠶᠠᠭᠠᠬᠢᠬᠤ ᠪᠤᠢ︖ ᠡᠨᠡ ᠲᠤᠬᠠᠢ ᠲᠤᠰ  ᠵᠦᠭᠯᠡᠭᠦᠷ ᠢ ᠦᠵᠡᠵᠦ ᠪᠤᠯᠤᠨ᠎ᠠ
ᠨᠡᠶᠢᠲᠡᠯᠡᠭᠰᠡᠨ ᠴᠠᠭ᠄
2023/2/13
    ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 7 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠢ ᠾᠧᠩ︶ ᠬᠡᠤᠬᠡᠳ ᠪᠠᠭᠠᠴᠤᠳ ᠤᠨ ᠰᠢᠮ᠎ᠡ ᠲᠡᠵᠢᠭᠡᠯ ᠤᠨ ᠪᠠᠶᠢᠳᠠᠯ ᠢ ᠰᠠᠶᠢᠵᠢᠷᠠᠭᠤᠯᠵᠤ᠂ ᠥᠰᠥᠯᠲᠡ ᠤᠳᠠᠭᠠᠰᠢᠷᠠᠬᠤ ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠤᠨ᠂ ᠬᠡᠤᠬᠡᠳ ᠪᠠᠭᠠᠴᠤᠳ ᠢ ᠬᠠᠪᠰᠤᠷᠤᠨ ᠡᠷᠡᠭᠦᠯ ᠢᠳᠡᠭᠡᠨ ᠤᠮᠳᠠᠭᠠᠨ ᠤ ᠳᠠᠳᠬᠠᠯ ᠢ ᠬᠥᠮᠦᠵᠢᠭᠦᠯᠵᠦ᠂ ᠥᠰᠥᠯᠲᠡ ᠪᠤᠶᠢᠵᠢᠯᠲᠠ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠣᠶᠢᠷ᠎ᠠ ᠳᠤ ︽ᠬᠡᠤᠬᠡᠳ ᠪᠠᠭᠠᠴᠤᠳ ᠤᠨ ᠥᠰᠥᠯᠲᠡ ᠤᠳᠠᠭᠠᠰᠢᠷᠠᠯ ᠢ ᠢᠳᠡᠭᠡᠨ ᠤᠮᠳᠠᠭᠠᠨ ᠢᠶᠠᠷ ᠰᠤᠪᠢᠯᠠᠬᠤ ᠵᠦᠭᠯᠡᠭᠦᠷ ︵2023 ᠣᠨ ᠤ ᠬᠡᠪᠯᠡᠯ︶︾ ᠢ ᠳᠠᠷᠤᠮᠠᠯᠯᠠᠨ ᠲᠠᠷᠬᠠᠭᠠᠪᠠ᠃    ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠵᠦᠭᠯᠡᠭᠦᠷ ᠨᠢ ᠣᠲᠣ ᠦᠶ᠎ᠡ ᠶᠢᠨ ᠰᠢᠮ᠎ᠡ ᠲᠡᠵᠢᠭᠡᠯ ᠤᠨ ᠤᠬᠠᠭᠠᠨ ᠪᠠ ᠤᠯᠠᠮᠵᠢᠯᠠᠯᠲᠤ ᠢᠳᠡᠭᠡᠨ ᠤᠮᠳᠠᠭᠠᠨ ᠤ ᠲᠡᠵᠢᠭᠡᠯ ᠤᠨ ᠲᠠᠯ᠎ᠠ ᠪᠠᠷ ᠬᠢ ᠬᠢᠲᠠᠳ ᠧᠦ᠋ᠷᠣᠫᠠ ᠡᠮᠨᠡᠯᠭᠡ ᠶᠢᠨ ᠡᠯ᠎ᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠢᠳᠡᠭᠡᠨ ᠪᠠ ᠡᠮ ᠢ ᠢᠳᠡᠭᠡᠨ ᠤᠮᠳᠠᠭᠠᠨ ᠳᠤ ᠵᠦᠶ ᠵᠣᠬᠢᠰᠲᠠᠶ ᠠᠭᠤᠰᠬᠠᠨ ᠣᠷᠣᠭᠤᠯᠵᠤ᠂ ᠢᠳᠡᠭᠡᠨ ᠤᠮᠳᠠᠭᠠᠨ ᠤ ᠵᠢᠯᠣᠭᠤᠳᠣᠯᠭ᠎ᠠ ᠶᠢᠨ ᠥᠪᠡᠷᠮᠢᠴᠡ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠂ ᠬᠡᠤᠬᠡᠳ ᠪᠠᠭᠠᠴᠤᠳ ᠤᠨ ᠥᠰᠥᠯᠲᠡ ᠤᠳᠠᠭᠠᠰᠢᠷᠠᠬᠤ ᠶᠢ ᠰᠡᠷᠭᠡᠶᠢᠯᠡᠨ ᠰᠠᠶᠢᠵᠢᠷᠠᠭᠤᠯᠬᠤ ᠳᠤ ᠬᠠᠪᠰᠤᠷᠤᠮᠵᠢ ᠪᠣᠯᠤᠨ᠎ᠠ ᠭᠡᠵᠦ ᠲᠠᠨᠢᠯᠴᠠᠭᠤᠯᠪᠠ᠃     ᠬᠡᠦᠬᠡᠳ ᠪᠠᠭᠠᠴᠤᠳ ᠤᠨ ᠥᠰᠥᠯᠲᠡ ᠤᠳᠠᠭᠠᠰᠢᠷᠠᠬᠤ ᠠᠰᠠᠭᠤᠳᠠᠯ ᠨᠢ ᠣᠳᠣᠬᠠᠨ ᠳᠤ     ᠲᠤᠯᠭᠠᠷᠠᠵᠤ ᠪᠠᠶᠢᠭ᠎ᠠ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠤᠨ ᠨᠢᠭᠡ ᠪᠣᠯᠤᠨ᠎ᠠ    ᠵᠦᠭᠯᠡᠭᠦᠷ ᠲᠤ᠂ ᠥᠰᠥᠯᠲᠡ ᠤᠳᠠᠭᠠᠰᠢᠷᠠᠬᠤ ᠭᠡᠳᠡᠭ ᠨᠢ ᠬᠡᠤᠭᠡᠳ ᠪᠠᠭᠠᠴᠤᠳ ᠲᠤ ᠤᠭᠤᠷᠠᠭ ᠪᠤᠶᠤ ᠡᠨᠧᠷᠭᠢ᠂ ᠸᠢᠲ᠋ᠠᠮᠢᠨ᠂ ᠡᠷᠦᠳᠡᠰᠦ ᠪᠣᠳᠠᠰ ᠤᠨ ᠰᠢᠮ᠎ᠡ ᠬᠦᠷᠦᠯᠴᠡᠬᠦ ᠥᠬᠡᠶ ᠵᠡᠷᠭᠡ ᠠᠴᠠ ᠰᠢᠯᠲᠠᠭᠠᠯᠠᠵᠤ᠂ ᠪᠡᠶ᠎ᠡ ᠶᠢᠨ ᠥᠨᠳᠥᠷ ᠨᠢ ᠰᠢᠭᠰᠢᠨ ᠪᠠᠶᠢᠴᠠᠭᠠᠬᠤ ᠪᠠᠷᠢᠮᠵᠢᠶ᠎ᠠ ᠶᠢᠨ ᠨᠠᠰᠤᠨ ᠤ ᠢᠯᠭᠠᠯ ᠤᠨ ᠪᠡᠶ᠎ᠡ ᠶᠢᠨ ᠥᠨᠳᠥᠷ ᠤᠨ ᠵᠠᠭᠠᠭ ᠬᠡᠮᠵᠢᠭᠳᠡᠯ ᠤᠨ ᠬᠡᠪᠴᠢᠶ᠎ᠡ ᠠᠴᠠ ᠳᠤᠤᠷ᠎ᠠ ᠪᠤᠯᠤᠭᠰᠠᠨ ᠢ ᠬᠡᠯᠡᠨ᠎ᠡ᠃ ᠡᠨᠡ ᠨᠢ ᠣᠷᠳᠣ ᠬᠤᠭᠤᠴᠠᠭᠠᠨ ᠤ ᠴᠢᠨᠠᠷᠲᠠᠶ ᠰᠢᠮ᠎ᠡ ᠲᠡᠵᠢᠭᠡᠯ ᠳᠤᠲᠠᠭᠳᠠᠭᠰᠠᠨ ᠳᠤ ᠲᠣᠭᠠᠴᠠᠭᠳᠠᠨ᠎ᠠ ᠭᠡᠵᠦ ᠲᠣᠳᠣᠷᠬᠠᠶ ᠢᠯᠡᠷᠬᠡᠶᠢᠯᠡᠪᠡ᠃ ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠰᠢᠮ᠎ᠡ ᠲᠡᠵᠢᠭᠡᠯ ᠬᠢᠭᠡᠳ ᠤᠳᠠᠭᠠᠨ ᠴᠢᠨᠠᠷᠲᠠᠶ ᠡᠪᠡᠳᠴᠢᠨ ᠤ ᠪᠠᠶᠢᠳᠠᠯ ᠤᠨ ᠮᠡᠳᠡᠭᠦᠯᠦᠯᠲᠡ ︵2020 ᠣᠨ︶︾ ᠳᠤ ᠢᠯᠡᠷᠡᠭᠦᠯᠦᠭᠰᠡᠨ ᠢᠶᠠᠷ᠂ 6 ᠨᠠᠰᠤᠨ ᠠᠴᠠ ᠳᠣᠷᠣᠭᠰᠢᠬᠢ ᠬᠡᠤᠬᠡᠳ ᠤᠨ ᠥᠰᠥᠯᠲᠡ ᠤᠳᠠᠭᠠᠰᠢᠷᠠᠬᠤ ᠨᠣᠷᠮ᠎ᠠ ᠨᠢ 4.8%᠂ 6 — 17 ᠨᠠᠰᠤᠨ ᠤ ᠬᠡᠤᠬᠡᠳ ᠪᠠᠭᠠᠴᠤᠳ ᠤᠨ ᠥᠰᠥᠯᠲᠡ ᠤᠳᠠᠭᠠᠰᠢᠷᠠᠬᠤ ᠨᠣᠷᠮ᠎ᠠ ᠨᠢ 1.7% ᠪᠠᠶᠢᠨ᠎ᠠ᠃ ᠬᠡᠤᠬᠡᠳ ᠪᠠᠭᠠᠴᠤᠳ ᠤᠨ ᠥᠰᠥᠯᠲᠡ ᠤᠳᠠᠭᠠᠰᠢᠷᠠᠬᠤ ᠨᠣᠷᠮ᠎ᠠ ᠶᠢᠨ ᠬᠤᠲᠠ ᠬᠥᠳᠡᠭᠡ ᠶᠢᠨ ᠵᠥᠷᠢᠶ᠎ᠡ ᠨᠡᠯᠢᠶᠡᠳ ᠢᠯᠡᠷᠬᠡᠶ ᠪᠠᠶᠢᠵᠤ᠂ ᠬᠥᠳᠡᠭᠡ ᠲᠣᠰᠬᠤᠨ ᠤ ᠬᠢᠨ ᠨᠢ ᠬᠤᠲᠠ ᠶᠢᠨ ᠬᠢ ᠠᠴᠠ ᠪᠠᠷᠤᠭ 2 ᠠᠴᠠ 3 ᠳᠠᠬᠢᠨ ᠢᠯᠡᠭᠦᠤ ᠪᠠᠶᠢᠨ᠎ᠠ᠃    ᠵᠦᠭᠯᠡᠭᠦᠷ ᠲᠤ᠂ ᠥᠰᠥᠯᠲᠡ ᠤᠳᠠᠭᠠᠰᠢᠷᠠᠬᠤ ᠨᠢ ᠬᠡᠤᠬᠡᠳ ᠪᠠᠭᠠᠴᠤᠳ ᠤᠨ ᠪᠡᠶ᠎ᠡ ᠮᠠᠬᠠᠪᠣᠳ ᠪᠠ ᠣᠶᠤᠨ ᠤ ᠪᠤᠶᠢᠵᠢᠯᠲᠠ ᠶᠢ ᠨᠥᠯᠥᠭᠡᠯᠡᠵᠦ᠂ ᠲᠠᠮᠢᠷ ᠲᠡᠩᠬᠡᠭᠡ ᠮᠠᠭᠤᠳᠠᠬᠤ᠂ ᠰᠤᠷᠤᠯᠭ᠎ᠠ ᠳᠠᠭᠠᠵᠤ ᠳᠡᠶᠢᠯᠬᠦ ᠦᠭᠡᠢ ᠵᠡᠷᠭᠡ ᠲᠠᠯ᠎ᠠ ᠪᠠᠷ ᠢᠯᠡᠷᠡᠵᠦ᠂ ᠬᠦᠨᠳᠦ ᠨᠣᠴᠢᠲᠠᠶ ᠦᠶ᠎ᠡ ᠳᠤ ᠰᠠᠭᠤᠯᠭᠠᠬᠤ᠂ ᠠᠭᠤᠰᠭᠢᠨ ᠦᠷᠪᠢᠰᠦᠯ ᠵᠡᠷᠭᠡ ᠡᠪᠡᠳᠴᠢᠨ ᠳᠤ ᠠᠮᠠᠷᠬᠠᠨ ᠨᠡᠷᠪᠡᠭᠳᠡᠵᠦ᠂ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠤᠯᠬᠤ ᠨᠣᠷᠮ᠎ᠠ ᠪᠠ ᠥᠭᠦᠬᠦ ᠨᠣᠷᠮ᠎ᠠ ᠶᠢ ᠨᠡᠮᠡᠭᠳᠡᠭᠦᠯᠳᠡᠭ᠃ ᠡᠭᠦᠨ ᠠᠴᠠ ᠭᠠᠳᠠᠨ᠎ᠠ᠂ ᠨᠠᠰᠤᠨ ᠳᠤ ᠬᠦᠷᠦᠭᠰᠡᠨ ᠤ ᠳᠠᠷᠠᠭᠠᠬᠢ ᠪᠡᠶ᠎ᠡ ᠶᠢᠨ ᠥᠨᠳᠥᠷ ᠢ ᠨᠥᠯᠥᠭᠡᠯᠡᠵᠦ᠂ ᠮᠠᠷᠢᠶᠠᠯᠠᠬᠤ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠶ ᠡᠪᠡᠳᠴᠢᠨ ᠤ ᠡᠭᠦᠰᠭᠦ ᠨᠤᠷᠮ᠎ᠠ ᠶᠢ ᠨᠡᠮᠡᠭᠳᠡᠭᠦᠯᠵᠦ᠂ ᠬᠥᠳᠡᠯᠮᠦᠷᠢ ᠦᠢᠯᠡᠳᠪᠦᠷᠢᠯᠡᠯ ᠤᠨ ᠴᠢᠳᠠᠪᠤᠷᠢ ᠶᠢ ᠪᠠᠭᠤᠷᠠᠭᠤᠯᠵᠤ ᠮᠡᠳᠡᠨ᠎ᠡ᠃ ᠬᠡᠤᠬᠡᠳ ᠪᠠᠭᠠᠴᠤᠳ ᠤᠨ ᠥᠰᠥᠯᠲᠡ ᠤᠳᠠᠭᠠᠨ ᠪᠠᠶᠢᠬᠤ ᠪᠣᠯ ᠮᠠᠨ ᠤ ᠤᠯᠤᠰ ᠲᠤ ᠣᠳᠣᠬᠠᠨ ᠳᠤ ᠲᠤᠯᠭᠠᠷᠠᠵᠤ ᠪᠠᠶᠢᠭ᠎ᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠠᠰᠠᠭᠤᠳᠠᠯ ᠤᠨ ᠨᠢᠭᠡ ᠪᠣᠯᠤᠨ᠎ᠠ ᠭᠡᠵᠦ ᠵᠢᠭᠠᠵᠤ ᠭᠠᠷᠭᠠᠪᠠ᠃    ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠵᠦᠭᠯᠡᠭᠦᠷ ᠢ ᠲᠣᠭᠲᠠᠭᠠᠬᠤ ᠳᠠᠭᠠᠨ ᠮᠠᠨ ᠤ ᠤᠯᠤᠰ ᠤᠨ ᠬᠡᠤᠬᠡᠳ ᠪᠠᠭᠠᠴᠤᠳ ᠤᠨ ᠥᠰᠥᠯᠲᠡ ᠤᠳᠠᠭᠠᠨ ᠪᠠᠶᠢᠭ᠎ᠠ ᠪᠠᠶᠢᠳᠠᠯ᠂ ᠬᠥᠭᠵᠢᠯᠲᠡ ᠶᠢᠨ ᠬᠠᠨᠳᠤᠰᠢ ᠪᠠ ᠨᠥᠯᠥᠭᠡᠯᠡᠬᠦ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠢᠳᠡᠭᠡᠨ ᠤᠮᠳᠠᠭᠠᠨ ᠢᠶᠠᠷ ᠰᠤᠪᠢᠯᠠᠬᠤ ᠵᠠᠷᠴᠢᠮ ᠪᠠ ᠰᠠᠨᠠᠭᠤᠯᠭ᠎ᠠ ᠳᠤᠷᠠᠳᠬᠤ ᠶᠢᠨ ᠬᠠᠮᠲᠤ ᠠᠳᠠᠯᠢ ᠪᠤᠰᠤ ᠭᠡᠷᠡᠴᠢᠯᠡᠬᠦ ᠬᠡᠯᠪᠡᠷᠢ ᠶᠢᠨ ᠬᠥᠮᠦᠰ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠤᠯᠠᠷᠢᠯ ᠤᠨ ᠣᠨᠴᠠᠯᠢᠭ ᠲᠠᠢ ᠤᠶᠠᠯᠳᠤᠭᠤᠯᠤᠨ ᠰᠣᠩᠭᠤᠵᠤ ᠪᠣᠯᠬᠤ ᠢᠳᠡᠭᠡᠨ ᠤ ᠲᠠᠨᠢᠯᠴᠠᠭᠤᠯᠭ᠎ᠠ᠂ ᠬᠤᠭᠤᠯᠠᠨ ᠤ ᠵᠤᠷ ᠪᠠ ᠢᠳᠡᠭᠡᠨ ᠤᠮᠳᠠᠭᠠᠨ ᠢᠶᠠᠷ ᠰᠤᠪᠢᠯᠠᠬᠤ ᠲᠠᠯ᠎ᠠ ᠶᠢᠨ ᠵᠢᠱᠢᠶ᠎ᠡ ᠶᠢ ᠵᠢᠭᠰᠠᠭᠠᠨ ᠭᠠᠷᠭᠠᠵᠤ᠂ ᠬᠡᠷᠡᠭᠯᠡᠭᠴᠢᠳ ᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠯᠠᠪᠯᠠᠯᠲᠠ ᠪᠣᠯᠭᠠᠨ ᠰᠣᠩᠭᠤᠨ ᠬᠡᠷᠡᠭᠯᠡᠬᠦ ᠳᠤ ᠲᠥᠬᠦᠮ ᠪᠣᠯᠭᠠᠪᠠ ᠭᠡᠵᠦ ᠢᠯᠡᠷᠬᠡᠶᠢᠯᠡᠪᠡ᠃      ᠬᠡᠤᠬᠡᠳ ᠪᠠᠭᠠᠴᠤᠳ ᠤᠨ ᠪᠡᠶ᠎ᠡ ᠮᠠᠬᠠᠪᠣᠳ ᠤᠨ ᠪᠤᠶᠢᠵᠢᠯᠲᠠ ᠶᠢ ᠲᠣᠭᠲᠠᠮᠠᠯ ᠬᠤᠭᠤᠴᠠᠭ᠎ᠠ ᠲᠠᠢ ᠬᠢᠨᠠᠨ ᠬᠡᠮᠵᠢᠨ᠎ᠡ      ᠬᠡᠦᠬᠡᠳ ᠪᠠᠭᠠᠴᠤᠳ ᠤᠨ ᠪᠡᠶ᠎ᠡ ᠮᠠᠬᠠᠪᠣᠳ ᠤᠨ ᠪᠤᠶᠢᠵᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠬᠦ ᠨᠢ ᠬᠡᠦᠬᠡᠳ ᠪᠠᠭᠠᠴᠤᠳ ᠤᠨ ᠥᠰᠥᠯᠲᠡ ᠪᠤᠶᠢᠵᠢᠯᠲᠠ ᠶᠢᠨ ᠭᠦᠢᠴᠡᠳᠭᠡᠬᠦ ᠲᠤᠭ᠎ᠠ ᠶᠢᠨ ᠬᠥᠳᠡᠯᠦᠩᠭᠦᠶ ᠬᠤᠪᠢᠷᠠᠯᠲᠠ ᠶᠢ ᠴᠠᠭ ᠲᠤᠬᠠᠶ ᠳᠤᠨᠢ ᠣᠶᠢᠯᠠᠭᠠᠬᠤ ᠳᠤ ᠠᠰᠢᠭᠲᠠᠢ᠃ ᠵᠦᠭᠯᠡᠭᠦᠷ ᠲᠤ᠂ ᠬᠡᠤᠬᠡᠳ ᠪᠠᠭᠠᠴᠤᠳ ᠤᠨ ᠬᠦᠢᠰᠦ ᠶᠢᠨ ᠢᠯᠭᠠᠯ᠂ ᠨᠠᠰᠤ ᠵᠢᠯ ᠪᠠ ᠰᠢᠮ᠎ᠡ ᠲᠡᠵᠢᠭᠡᠯ ᠤᠨ ᠪᠠᠶᠢᠳᠠᠯ ᠢ ᠦᠨᠳᠦᠰᠦᠯᠡᠨ᠂ ᠨᠠᠭᠠᠳᠤ ᠵᠠᠬ᠎ᠠ ᠳᠠᠭᠠᠨ ᠬᠥᠳᠡᠯᠦᠩᠭᠦᠶ ᠪᠠᠷ ᠭᠤᠯᠳᠤ ᠴᠢᠭᠯᠡᠯ ᠢᠶᠠᠷ 6 ᠰᠠᠷ᠎ᠠ ︵ᠬᠠᠮᠤᠭ ᠤᠨ ᠰᠠᠶᠢᠨ ᠨᠢ 12 ᠰᠠᠷ᠎ᠠ︶ ᠮᠥᠷᠳᠡᠨ ᠠᠵᠢᠭᠯᠠᠵᠤ᠂ ᠬᠡᠤᠬᠡᠳ ᠪᠠᠭᠠᠴᠤᠳ ᠤᠨ ᠥᠰᠥᠯᠲᠡ ᠶᠢᠨ ᠬᠤᠷᠳᠤᠴᠠ ᠪᠤᠶᠤ ᠥᠰᠥᠯᠲᠡ ᠶᠢᠨ ᠮᠤᠷᠤᠶ ᠱᠤᠭᠤᠮ ᠤᠨ ᠪᠠᠶᠢᠳᠠᠯ ᠢ ᠦᠨᠳᠦᠰᠦᠯᠡᠨ᠂ ᠲᠡᠳᠡᠨ ᠤ ᠥᠰᠥᠯᠲᠡ ᠶᠢᠨ ᠪᠠᠶᠢᠳᠠᠯ ᠢ ᠦᠨᠡᠯᠡᠨ ᠵᠢᠱᠢᠵᠦ᠂ ᠵᠢᠯᠣᠭᠤᠳᠬᠤ ᠲᠥᠰᠦᠯ ᠢᠶᠠᠨ ᠴᠠᠭ ᠲᠤᠬᠠᠶ ᠳᠤᠨᠢ ᠲᠣᠬᠢᠷᠠᠭᠤᠯᠬᠤ ᠬᠡᠷᠡᠭᠲᠡᠶ ᠭᠡᠵᠦ ᠰᠠᠨᠠᠭᠤᠯᠪᠠ᠃      ᠡᠭᠦᠨ ᠤ ᠬᠠᠮᠲᠤ᠂ ᠬᠡᠤᠬᠡᠳ ᠪᠠᠭᠠᠴᠤᠳ ᠤᠨ ᠢᠳᠡᠭᠡᠨ ᠤᠮᠳᠠᠭᠠᠨ᠂ ᠬᠥᠳᠡᠯᠭᠡᠭᠡᠨ᠂ ᠨᠦᠢᠷ᠂ ᠰᠡᠳᠭᠢᠴᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠣᠳᠠᠭᠠᠯᠢ ᠪᠡᠶ᠎ᠡ ᠶᠢᠨ ᠢᠳᠡᠭᠡᠨ ᠤᠮᠳᠠᠭᠠᠨ ᠤ ᠰᠢᠮ᠎ᠡ ᠲᠡᠵᠢᠭᠡᠯ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠥᠪᠡᠷᠮᠢᠴᠡ ᠵᠢᠯᠣᠭᠤᠳᠬᠤ ᠲᠥᠰᠦᠯ ᠲᠣᠭᠲᠠᠭᠠᠵᠤ᠂ ᠬᠡᠷ ᠤᠨ ᠠᠬᠠᠮᠠᠳ ᠪᠠ ᠬᠡᠤᠬᠡᠳ ᠪᠠᠭᠠᠴᠤᠳ ᠢ ᠵᠢᠭᠠᠨ ᠵᠢᠯᠣᠭᠤᠳᠴᠤ ᠪᠠᠶᠢᠭᠠᠳ ᠲᠣᠬᠢᠷᠠᠮᠵᠢᠲᠠᠶ ᠢᠳᠡᠭᠡᠨ ᠤᠮᠳᠠᠭᠠᠨ ᠤ ᠲᠥᠯᠥᠪᠯᠡᠭᠡ ᠲᠣᠭᠲᠠᠭᠠᠯᠭᠠᠵᠤ᠂ ᠠᠯᠪᠠᠳᠠᠯᠭ᠎ᠠ ᠪᠠᠷ ᠬᠤᠭᠤᠯᠠ ᠢᠳᠡᠭᠦᠯᠬᠦ ᠠᠴᠠ ᠵᠠᠶᠢᠯᠠᠰᠭᠢᠬᠦ ᠬᠡᠷᠡᠭᠲᠡᠶ᠃     ᠵᠦᠭᠯᠡᠭᠦᠷ ᠲᠤ᠂ ᠪᠢᠴᠢᠯ ᠰᠢᠮ᠎ᠡ ᠲᠡᠵᠢᠭᠡᠯ ᠤᠨ ᠡᠳ᠋ ᠳᠤᠲᠠᠭᠳᠠᠵᠤ ᠪᠠᠶᠢᠭ᠎ᠠ ᠬᠡᠤᠬᠡᠳ ᠪᠠᠭᠠᠴᠤᠳ ᠲᠤ ᠴᠢᠬᠤᠯᠠᠲᠠᠶ ᠦᠶ᠎ᠡ ᠳᠤ ᠡᠮᠴᠢ ᠪᠤᠶᠤ ᠰᠢᠮ᠎ᠡ ᠲᠡᠵᠢᠭᠡᠯ ᠤᠨ ᠵᠢᠭᠠᠨ ᠵᠢᠯᠣᠭᠤᠳᠤᠭᠴᠢ ᠶᠢᠨ ᠵᠢᠯᠣᠭᠤᠳᠣᠯᠭ᠎ᠠ ᠳᠣᠤᠷ᠎ᠠ ᠰᠢᠮ᠎ᠡ ᠲᠡᠵᠢᠭᠡᠯ ᠤᠨ ᠡᠳ᠋ ᠤᠨ ᠨᠥᠬᠦᠪᠥᠷᠢ ᠡᠳ᠋ ᠢ ᠵᠣᠬᠢᠰᠲᠠᠶ ᠬᠡᠷᠡᠭᠯᠡᠬᠦ ᠬᠡᠷᠡᠭᠲᠡᠶ᠃ ᠤᠷᠲᠤ ᠬᠤᠭᠤᠴᠠᠭᠠᠨ ᠤ ᠳᠤᠷᠰᠢ ᠳᠤ ᠥᠰᠥᠯᠲᠡ ᠪᠤᠶᠢᠵᠢᠯᠲᠠ ᠨᠢ ᠤᠳᠠᠭᠠᠨ᠂ ᠦᠷ᠎ᠡ ᠳ᠋ᠦᠩ ᠨᠢ ᠢᠯᠡᠷᠬᠡᠶ ᠰᠠᠶᠢᠵᠢᠷᠠᠭᠰᠠᠨ ᠦᠭᠡᠢ ᠪᠤᠶᠤ ᠡᠪᠡᠳᠴᠢᠨ ᠡᠮᠭᠡᠭ ᠤᠨ ᠰᠢᠯᠲᠠᠭᠠᠨ ᠠᠴᠠ ᠪᠣᠯᠵᠤ ᠥᠰᠥᠯᠲᠡ ᠤᠳᠠᠭᠠᠨ ᠪᠣᠯᠤᠭᠰᠠᠨ ᠬᠡᠦᠬᠡᠳ ᠪᠠᠭᠠᠴᠤᠳ ᠡᠮᠨᠡᠯᠭᠡ ᠳᠤ ᠬᠦᠷᠴᠦ ᠡᠮᠨᠡᠭᠦᠯᠪᠡᠯ ᠵᠣᠬᠢᠨ᠎ᠠ ᠭᠡᠵᠦ ᠰᠠᠨᠠᠭᠤᠯᠪᠠ᠃     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠵᠦᠭᠯᠡᠭᠦᠷ ᠢ ᠭᠤᠤᠯᠳᠠᠭᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠲᠠᠨ ︵ᠰᠢᠮ᠎ᠡ ᠲᠡᠵᠢᠭᠡᠯ ᠤᠨ ᠵᠢᠭᠠᠨ ᠵᠢᠯᠣᠭᠤᠳᠣᠭᠴᠢ ᠪᠠᠭᠲᠠᠨ᠎ᠠ︶᠂ 2 ᠠᠴᠠ 17 ᠨᠠᠰᠤᠨ ᠤ ᠬᠡᠤᠬᠡᠳ ᠪᠠᠭᠠᠴᠤᠳ ᠤᠨ ᠬᠡᠷ ᠤᠨ ᠠᠬᠠᠮᠠᠳ ᠪᠠ ᠰᠤᠷᠭᠠᠭᠤᠯᠢ ᠶᠢᠨ ᠡᠮᠴᠢ ᠵᠡᠷᠭᠡ ᠳᠤ ᠬᠠᠨᠳᠤᠭᠤᠯᠵᠤ᠂ ᠬᠡᠤᠬᠡᠳ ᠪᠠᠭᠠᠴᠤᠳ ᠤᠨ ᠥᠰᠥᠯᠲᠡ ᠤᠳᠠᠭᠠᠨ ᠪᠠᠶᠢᠬᠤ ᠶᠢ ᠬᠠᠪᠰᠤᠷᠤᠨ ᠰᠡᠷᠭᠡᠶᠢᠯᠡᠬᠦ ᠪᠠ ᠰᠠᠶᠢᠵᠢᠷᠠᠭᠤᠯᠬᠤ ᠳᠤ ᠢᠳᠡᠭᠡᠨ ᠤᠮᠳᠠᠭᠠᠨ ᠤ ᠵᠢᠯᠣᠭᠤᠳᠣᠯᠭ᠎ᠠ ᠬᠠᠩᠭᠠᠵᠤ᠂ ᠡᠮ ᠤᠨ ᠡᠮᠴᠢᠯᠡᠭᠡ ᠶᠢ ᠣᠷᠣᠯᠠᠭᠤᠯᠵᠤ ᠪᠣᠯᠬᠤ ᠥᠬᠡᠶ ᠭᠡᠵᠦ ᠢᠯᠡᠷᠬᠡᠶᠢᠯᠡᠪᠡ᠃      ᠲᠠᠮᠢᠷ ᠤᠨ ᠬᠥᠳᠡᠯᠭᠡᠭᠡᠨ ᠪᠠ ᠰᠢᠮ᠎ᠡ ᠲᠡᠵᠢᠭᠡᠯ      ᠨᠦᠬᠦᠪᠦᠷᠢᠯᠡᠬᠦ ᠶᠢ ᠳᠤᠬᠢᠷᠠᠮᠵᠢᠲᠠᠢ ᠤᠶᠠᠯᠳᠤᠭᠤᠯᠤᠨ᠎ᠠ      ᠵᠦᠭᠯᠡᠭᠦᠷ ᠲᠤ᠂ ᠲᠣᠬᠢᠷᠠᠮᠵᠢᠲᠠᠶ ᠲᠠᠮᠢᠷ ᠤᠨ ᠬᠥᠳᠡᠯᠭᠡᠭᠡᠨ ᠨᠢ ᠢᠳᠡᠭᠡᠨ ᠤ ᠳᠤᠷᠠᠰᠢᠯ ᠢ ᠨᠡᠮᠡᠭᠳᠡᠭᠦᠯᠦᠨ᠂ ᠬᠤᠳᠣᠭᠤᠳᠣ ᠭᠡᠳᠡᠰᠦᠨ ᠤ ᠭᠦᠷᠪᠡᠯᠵᠡᠬᠦ ᠬᠥᠳᠡᠯᠭᠡᠭᠡᠨ ᠢ ᠠᠬᠢᠭᠤᠯᠵᠤ᠂ ᠰᠢᠩᠭᠡᠭᠡᠯᠲᠡ ᠶᠢᠨ ᠴᠢᠳᠠᠪᠤᠷᠢ ᠶᠢ ᠰᠠᠶᠢᠵᠢᠷᠠᠭᠤᠯᠤᠨ᠎ᠠ᠃ ᠥᠰᠥᠯᠲᠡ ᠪᠤᠶᠢᠵᠢᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠠᠬᠢ ᠵᠠᠯᠠᠭᠤ ᠪᠠᠭᠠᠴᠤᠳ ᠲᠤ ᠠᠪᠴᠤ ᠬᠡᠯᠡᠪᠡᠯ᠂ ᠪᠡᠶ᠎ᠠ ᠶᠢᠨ ᠲᠠᠮᠢᠷ ᠤᠨ ᠬᠦᠳᠡᠯᠭᠡᠭᠡᠨ ᠨᠢ ᠠᠷᠤᠭ ᠶᠠᠰᠤ ᠪᠠ ᠪᠤᠯᠴᠢᠩ ᠤᠨ ᠥᠰᠥᠯᠲᠡ ᠪᠤᠶᠢᠵᠢᠯᠲᠠ ᠶᠢ ᠠᠬᠢᠭᠤᠯᠵᠤ᠂ ᠪᠡᠶ᠎ᠡ ᠶᠢᠨ ᠥᠰᠥᠯᠲᠡ ᠳᠤ ᠠᠰᠢᠭᠲᠠᠶ ᠪᠠᠶᠢᠳᠠᠭ ᠭᠡᠵᠢ ᠵᠢᠭᠠᠵᠤ ᠭᠠᠷᠭᠠᠪᠠ᠃     ᠭᠦᠢᠴᠡᠳ ᠤᠨᠲᠠᠬᠤ ᠪᠣᠯ ᠬᠡᠦᠬᠡᠳ ᠪᠠᠭᠠᠴᠤᠳ ᠤᠨ ᠪᠡᠶ᠎ᠡ ᠮᠠᠬᠠᠪᠣᠳ ᠤᠨ ᠬᠥᠳᠡᠯᠭᠡᠭᠡᠨ ᠪᠠ ᠥᠰᠥᠯᠲᠡ ᠪᠤᠶᠢᠵᠢᠯᠲᠠ ᠶᠢᠨ ᠴᠢᠬᠤᠯᠠ ᠪᠠᠲᠤᠯᠠᠭ᠎ᠠ ᠮᠥᠨ᠃ ᠰᠢᠩᠭᠡᠭᠡᠯᠲᠡ ᠶᠢᠨ ᠴᠢᠳᠠᠪᠤᠷᠢ ᠮᠠᠭᠤ ᠪᠣᠯ ᠤᠨᠲᠠᠬᠤ ᠶᠢ ᠨᠥᠯᠥᠭᠡᠯᠡᠬᠦ ᠶᠢᠨ ᠤᠯᠠᠮ ᠠᠴᠠ ᠥᠰᠥᠯᠲᠡ ᠶᠢᠨ ᠬᠤᠷᠮᠣᠨ ᠤ ᠰᠢᠭᠦᠷᠡᠯᠲᠡ ᠶᠢ ᠨᠥᠯᠥᠭᠡᠯᠡᠵᠦ᠂ ᠪᠡᠶ᠎ᠡ ᠨᠢ ᠪᠣᠭᠤᠨᠢ ᠪᠣᠯᠳᠠᠭ᠃ ᠬᠡᠦᠬᠡᠳ ᠪᠠᠭᠠᠴᠤᠳ ᠢ ᠰᠠᠶᠢᠨ ᠰᠠᠶᠢᠬᠠᠨ ᠤᠨᠲᠠᠬᠤ ᠳᠠᠳᠬᠠᠯ ᠲᠠᠢ ᠪᠣᠯᠭᠠᠨ ᠬᠥᠮᠦᠵᠢᠭᠦᠯᠵᠦ᠂ ᠤᠨᠲᠠᠬᠤ ᠴᠠᠭ ᠪᠠ ᠴᠢᠨᠠᠷ ᠢ ᠨᠢ ᠪᠠᠲᠤᠯᠠᠬᠤ ᠬᠡᠷᠡᠭᠲᠡᠶ᠃     ᠢᠳᠡᠭᠡᠨ ᠤᠮᠳᠠᠭᠠᠨ ᠤ ᠲᠠᠯ᠎ᠠ ᠪᠠᠷ᠂ ᠵᠦᠭᠯᠡᠭᠦᠷ ᠲᠤ᠂ ᠥᠰᠥᠯᠲᠡ ᠨᠢ ᠤᠳᠠᠭᠠᠨ ᠬᠡᠤᠬᠡᠳ ᠪᠠᠭᠠᠴᠤᠳ ᠤᠨ ᠢᠳᠡᠭᠡᠨ ᠢ ᠰᠣᠩᠭᠤᠬᠤ ᠳᠠᠭᠠᠨ ᠪᠥᠬᠦ ᠲᠠᠯ᠎ᠠ ᠶᠢᠨ ᠂ ᠲᠡᠩᠴᠡᠭᠦᠷᠢᠲᠡᠶ᠂ ᠣᠯᠠᠨ ᠶᠠᠩᠵᠤ ᠶᠢᠨ ᠪᠠᠶᠢᠬᠤ ᠬᠡᠷᠡᠭᠲᠡᠶ᠃ ᠡᠳᠦᠷ ᠤᠨ ᠭᠤᠷᠪᠠᠨ ᠴᠠᠭ ᠤᠨ ᠬᠤᠭᠤᠯᠠ᠂ ᠲᠣᠭᠲᠠᠭᠰᠠᠨ ᠴᠠᠭ ᠲᠠᠢ᠂ ᠲᠣᠭᠲᠠᠭᠰᠠᠨ ᠬᠡᠮᠵᠢᠶ᠎ᠡ ᠲᠠᠢ᠂ ᠢᠳᠡᠵᠤ ᠤᠤᠭᠤᠬᠤ ᠲᠠᠯ᠎ᠠ ᠪᠠᠷ ᠵᠢᠮ᠎ᠡ ᠬᠠᠤᠯᠢ ᠲᠠᠢ᠂ ᠡᠨᠧᠷᠭᠢ ᠪᠠ ᠰᠢᠮ᠎ᠡ ᠲᠡᠵᠢᠭᠡᠯ ᠤᠨ ᠡᠳ᠋ ᠢ ᠭᠦᠢᠴᠡᠳ ᠰᠢᠩᠭᠡᠭᠡᠬᠦ ᠶᠢ ᠪᠠᠲᠤᠯᠠᠨ᠎ᠠ᠃ ᠬᠤᠭᠤᠯᠠ ᠪᠣᠯᠭᠠᠨ ᠤ ᠢᠳᠡᠰᠢ ᠳᠤ ᠨᠠᠷᠢᠮᠤ ᠲᠥᠮᠥᠰᠥ ᠶᠢᠨ ᠲᠥᠷᠥᠯ᠂ ᠢᠳᠡᠰᠢᠨ ᠨᠣᠭᠤᠭ᠎ᠠ ᠵᠢᠮᠢᠰ᠂ ᠮᠢᠬ᠎ᠠ ᠥᠨᠳᠡᠭᠡ᠂ ᠰᠦ ᠪᠠ ᠰᠢᠷ᠎ᠠ ᠪᠤᠷᠴᠠᠭ ᠵᠡᠷᠭᠡ ᠢᠳᠡᠭᠡᠨ ᠤ 3 ᠲᠥᠷᠥᠯ ᠪᠤᠶᠤ 3 ᠲᠥᠷᠥᠯ ᠠᠴᠠ ᠳᠡᠭᠡᠭᠰᠢᠬᠢ ᠶᠢ ᠪᠠᠭᠲᠠᠭᠠᠨ᠎ᠠ᠃ ᠢᠳᠡᠭᠡᠨ ᠤᠮᠳᠠᠭᠠᠨ ᠢᠶᠠᠨ ᠵᠣᠬᠢᠰᠲᠠᠶ ᠲᠣᠬᠢᠷᠠᠭᠤᠯᠤᠭᠰᠠᠨ ᠰᠠᠭᠤᠷᠢᠨ ᠳᠡᠭᠡᠷ᠎ᠡ᠂ ᠠᠳᠠᠯᠢ ᠪᠤᠰᠤ ᠰᠢᠨᠵᠢ ᠲᠡᠮᠳᠡᠭ ᠲᠤ ᠴᠢᠭᠯᠡᠭᠦᠯᠦᠨ ᠡᠮ ᠤᠨ ᠵᠦᠢᠯ ᠢ ᠰᠣᠩᠭᠤᠨ ᠬᠡᠷᠡᠭᠯᠡᠵᠦ ᠪᠣᠯᠤᠨ᠎ᠠ ᠭᠡᠵᠦ ᠰᠠᠨᠠᠭᠤᠯᠪᠠ᠃     ᠵᠦᠭᠯᠡᠭᠦᠷ ᠲᠤ᠂ ᠡᠪᠡᠳᠴᠢᠨ ᠡᠮᠭᠡᠭ ᠤᠨ ᠪᠤᠰᠤ ᠰᠢᠯᠲᠠᠭᠠᠨ ᠠᠴᠠ ᠪᠣᠯᠵᠣ ᠬᠡᠤᠬᠡᠳ ᠪᠠᠭᠠᠴᠤᠳ ᠤᠨ ᠥᠰᠥᠯᠲᠡ ᠤᠳᠠᠭᠠᠰᠢᠷᠠᠳᠠᠭ ᠨᠢ ᠦᠷᠭᠦᠯᠵᠢ ᠢᠳᠡᠰᠢ ᠭᠤᠯᠣᠬᠤ᠂ ᠢᠳᠡᠰᠢ ᠰᠤᠩᠭᠤᠬᠤ ᠵᠡᠷᠭᠡ ᠰᠢᠯᠲᠠᠭᠠᠨ ᠲᠠᠢ ᠬᠤᠯᠪᠣᠭᠳᠠᠳᠠᠭ᠃ ᠡᠳᠦᠷ ᠲᠤᠲᠤᠮ ᠤᠨ ᠬᠤᠭᠤᠯᠠ ᠲᠣᠬᠢᠷᠠᠭᠤᠯᠬᠤ ᠶᠠᠪᠤᠴᠠ ᠳᠤ ᠠᠳᠠᠯᠢ ᠲᠥᠷᠥᠯ ᠤᠨ ᠢᠳᠡᠭᠡᠨ ᠢ ᠬᠠᠷᠢᠯᠴᠠᠨ ᠰᠣᠯᠢᠬᠤ ᠶᠢ ᠴᠢᠬᠤᠯᠠᠴᠢᠯᠠᠵᠤ᠂ ᠢᠳᠡᠭᠡᠨ ᠤ ᠲᠥᠷᠥᠯ ᠵᠦᠢᠯ ᠢ ᠪᠠᠶᠠᠯᠢᠭᠵᠢᠭᠤᠯᠬᠤ ᠶᠢᠨ ᠬᠠᠮᠲᠤ ᠢᠳᠡᠰᠢᠨ ᠨᠣᠭᠤᠭ᠎ᠠ ᠶᠢᠨ ᠥᠩᠭᠡ ᠪᠤᠳᠤᠭ ᠪᠠ ᠲᠥᠷᠥᠯ ᠵᠦᠢᠯ ᠢ ᠲᠣᠬᠢᠷᠠᠭᠤᠯᠬᠤ ᠶᠢ ᠴᠢᠬᠤᠯᠠᠴᠢᠯᠠᠬᠤ ᠬᠡᠷᠡᠭᠲᠡᠶ ᠣᠨᠴᠠᠭᠠᠶᠢᠯᠠᠨ ᠵᠢᠭᠠᠵᠤ ᠬᠠᠷᠭᠠᠪᠠ᠃    
ᠢᠷᠡᠯᠲᠡ᠄ ᠤᠷᠳᠤᠰ ᠮᠤᠩᠭᠤᠯ ᠰᠦᠯᠵᠢᠶ᠎ᠡ