ᠬᠠᠪᠤᠷ ᠤᠨ ᠤᠯᠠᠷᠢᠯ ᠭᠠᠭ᠋ᠠᠢ ᠲᠡᠵᠢᠭᠡᠬᠦ ᠳᠤ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2023/2/13
                 ᠬᠠᠪᠤᠷ ᠤᠨ ᠤᠯᠠᠷᠢᠯ ᠳᠤ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ ᠳᠤᠯᠠᠭᠠᠨ ᠤ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠨ᠂ ᠡᠯ᠎ᠡ ᠵᠦᠢᠯ ᠤᠨ ᠡᠪᠡᠳᠴᠢᠨ ᠤ ᠪᠠᠺᠲ᠋ᠧᠷᠢ ᠨᠢ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠶᠢ ᠳᠠᠭᠠᠯᠳᠤᠨ ᠶᠡᠭᠡ ᠬᠡᠮᠵᠢᠶ᠎ᠡ ᠪᠠᠷ ᠦᠷᠡᠵᠢᠳᠡᠭ︔ ᠬᠠᠷᠢᠨ ᠮᠠᠯ ᠵᠢᠭᠦᠷᠲᠡᠨ ᠡᠪᠦᠯᠵᠢᠬᠦ ᠪᠠᠷ ᠳᠡᠮᠵᠢᠨ᠂ ᠪᠡᠶ᠎ᠡ ᠮᠠᠬᠠᠪᠤᠳ ᠤᠨ ᠡᠰᠡᠷᠭᠦᠴᠡᠬᠦ ᠴᠢᠳᠠᠪᠤᠷᠢ ᠨᠢ ᠪᠠᠭᠤᠷᠠᠢ ᠲᠤᠯᠠ ᠡᠪᠡᠳᠴᠢᠨ ᠤ ᠪᠠᠺᠲ᠋ᠧᠷᠢ ᠳᠤ ᠠᠮᠠᠷᠬᠠᠨ ᠬᠠᠯᠳᠠᠪᠤᠷᠢᠯᠠᠭᠳᠠᠳᠠᠭ᠃ ᠬᠠᠪᠤᠷ ᠤᠨ ᠤᠯᠠᠷᠢᠯ ᠪᠣᠯ ᠭᠠᠭ᠋ᠠᠢ ᠶᠢᠨ ᠡᠪᠡᠳᠴᠢᠨ ᠣᠯᠠᠨ ᠡᠭᠦᠰᠳᠡᠭ ᠤᠯᠠᠷᠢᠯ ᠮᠥᠨ᠃ ᠡᠶᠢᠮᠦ ᠠᠴᠠ ᠬᠠᠪᠤᠷ ᠤᠨ ᠤᠯᠠᠷᠢᠯ ᠳᠤ ᠭᠠᠭ᠋ᠠᠢ ᠲᠡᠵᠢᠭᠡᠬᠦ ᠳᠡᠭᠡᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠠᠳᠬᠤᠬᠤ ᠬᠡᠷᠡᠭᠲᠡᠢ᠃      1. ᠬᠠᠪᠤᠷ ᠤᠨ ᠤᠯᠠᠷᠢᠯ ᠪᠣᠯᠬᠤ ᠠᠴᠠ ᠡᠮᠦᠨ᠎ᠡ᠂ ᠭᠠᠭ᠋ᠠᠢ ᠶᠢᠨ ᠬᠠᠰᠢᠶ᠎ᠠ ᠶᠢ ᠰᠠᠶᠢᠲᠤᠷ ᠠᠷᠢᠭᠤᠳᠬᠠᠵᠤ᠂ ᠭᠠᠭ᠋ᠠᠢ ᠶᠢᠨ ᠬᠠᠰᠢᠶ᠎ᠠ ᠶᠢ ᠬᠠᠭᠤᠷᠠᠢ ᠪᠠᠶᠢᠯᠭᠠᠵᠤ᠂ ᠰᠠᠯᠬᠢ ᠨᠠᠪᠲᠠᠷᠡᠭᠦᠯᠵᠦ᠂ ᠭᠠᠭ᠋ᠠᠢ ᠶᠢᠨ ᠬᠠᠰᠢᠶ᠎ᠠ ᠶᠢᠨ ᠠᠷᠢᠭᠤᠨ ᠴᠡᠪᠡᠷ ᠢ ᠰᠠᠶᠢᠲᠤᠷ ᠬᠠᠮᠠᠭᠠᠯᠠᠬᠤ ᠬᠡᠷᠡᠭᠲᠡᠢ᠃       2. ᠴᠠᠭ ᠲᠤᠬᠠᠢ ᠳᠤᠨᠢ ᠭᠠᠭ᠋ᠠᠢ ᠳᠤ ᠰᠡᠷᠭᠡᠶᠢᠯᠡᠬᠦ ᠸᠠᠺᠼᠢᠨ ᠤ ᠲᠠᠷᠢᠯᠭ᠎ᠠ ᠬᠢᠬᠦ ᠬᠡᠷᠡᠭᠲᠡᠢ᠃ ᠭᠠᠭ᠋ᠠᠢ ᠶᠢᠨ ᠬᠢᠵᠢᠭ ᠢ ᠰᠡᠷᠭᠡᠶᠢᠯᠡᠵᠦ ᠪᠣᠯᠤᠨ᠎ᠠ᠃ ᠡᠮᠦᠨᠡᠲᠦ ᠣᠷᠣᠨ ᠤ ᠵᠠᠷᠢᠮ ᠬᠥᠳᠡᠭᠡ ᠲᠣᠰᠬᠤᠨ ᠤ ᠬᠢᠨ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠬᠤᠭᠤᠴᠠᠭᠠᠨ ᠳᠤ ᠴᠣᠬᠤᠢ ᠶᠢᠨ ᠤᠰᠤ ᠪᠠᠷ ᠭᠠᠭ᠋ᠠᠢ ᠶᠢᠨ ᠬᠠᠰᠢᠶ᠎ᠠ ᠶᠢᠨ ᠡᠭᠦᠳᠡᠨ ᠳᠡᠭᠡᠷ᠎ᠡ᠂ ᠬᠡᠷᠡᠮ ᠳᠡᠭᠡᠷ᠎ᠡ ᠬᠤᠷᠤᠭᠤᠨ ᠤ ᠣᠷᠣᠮ ᠢᠶᠠᠨ ᠳᠠᠷᠤᠳᠠᠭ᠂ ᠡᠨᠡ ᠨᠢ ᠬᠡᠳᠦ᠋ᠢᠪᠡᠷ ᠭᠠᠭ᠋ᠠᠢ ᠶᠢᠨ ᠬᠢᠵᠢᠭ ᠢ ᠰᠡᠷᠭᠡᠶᠢᠯᠡᠵᠦ ᠪᠠᠶᠢᠭ᠎ᠠ ᠪᠣᠯᠪᠠᠴᠤ ᠦᠨᠡᠨ ᠳᠡᠭᠡᠨ ᠴᠣᠬᠤᠢ ᠪᠠᠷ ᠭᠠᠭ᠋ᠠᠢ ᠶᠢᠨ ᠬᠠᠰᠢᠶ᠎ᠠ ᠶᠢ ᠠᠷᠢᠭᠤᠳᠬᠠᠬᠤ ᠦᠢᠯᠡᠳᠦᠯ ᠲᠠᠢ ᠶᠤᠮ᠃ ᠴᠣᠬᠤᠢ᠂ ᠡᠪᠡᠰᠦ ᠮᠣᠳᠣᠨ ᠤ ᠦᠨᠡᠰᠦ ᠪᠠᠷ ᠠᠷᠢᠭᠤᠳᠬᠠᠬᠤ ᠪᠣᠯ ᠨᠢᠭᠡ ᠵᠦᠢᠯ ᠤᠨ ᠳᠥᠭᠦᠮ ᠳᠥᠲᠡ᠂ ᠪᠦᠲᠦᠮᠵᠢᠲᠡᠶ ᠠᠷᠢᠭᠤᠳᠬᠠᠬᠤ ᠠᠷᠭ᠎ᠠ ᠮᠥᠨ᠂ ᠦᠷᠭᠦᠯᠵᠢ ᠠᠷᠢᠭᠤᠳᠬᠠᠪᠠᠯ ᠯᠠᠪᠲᠠᠢ ᠰᠠᠶᠢᠨ ᠦᠷ᠎ᠡ ᠳ᠋ᠦᠩ ᠣᠯᠳᠠᠭ᠃ ᠠᠷᠢᠭᠤᠳᠬᠠᠬᠤ ᠠᠷᠭ᠎ᠠ᠄ ᠭᠠᠭ᠋ᠠᠢ ᠶᠢᠨ ᠬᠠᠰᠢᠶ᠎ᠠ ᠶᠢ ᠴᠡᠪᠡᠷᠯᠡᠵᠦ᠂ ᠳᠡᠪᠲᠦᠭᠡᠭᠰᠡᠨ ᠴᠣᠬᠤᠢ ᠶᠢᠨ ᠤᠰᠤ ᠪᠤᠶᠤ ᠡᠪᠡᠰᠦ ᠮᠣᠳᠣᠨ ᠤ ᠦᠨᠡᠰᠦ ᠶᠢ ᠭᠠᠭ᠋ᠠᠢ ᠶᠢᠨ ᠬᠠᠰᠢᠶ᠎ᠠ ᠳᠤ ᠰᠦᠷᠴᠢᠵᠦ᠂ ᠬᠠᠰᠢᠶ᠎ᠠ ᠶᠢᠨ ᠳᠣᠲᠣᠷᠠᠬᠢ ᠴᠣᠬᠤᠢ ᠶᠢᠨ ᠤᠰᠤ ᠶᠢ ᠬᠠᠲᠠᠭᠠᠭᠰᠠᠨ ᠤ ᠳᠠᠷᠠᠭ᠎ᠠ ᠬᠠᠭᠤᠷᠠᠢ ᠡᠪᠡᠰᠦ ᠳᠡᠪᠢᠰᠦᠨ᠎ᠡ᠃ ᠡᠭᠦᠨ ᠠᠴᠠ ᠭᠠᠳᠠᠨ᠎ᠠ᠂ ᠬᠠᠰᠢᠶ᠎ᠠ ᠳᠣᠲᠣᠷ᠎ᠠ ᠪᠠᠨ ᠦᠷᠭᠦᠯᠵᠢ ᠬᠠᠭᠤᠷᠠᠢ ᠴᠣᠬᠤᠢ ᠪᠤᠶᠤ ᠡᠪᠡᠰᠦ ᠮᠣᠳᠣᠨ ᠤ ᠦᠨᠡᠰᠦ ᠰᠠᠴᠤᠵᠤ ᠪᠣᠯᠣᠨ᠎ᠠ᠃ ᠢᠩᠭᠢᠵᠦ ᠠᠷᠢᠭᠤᠳᠬᠠᠬᠤ ᠨᠢ ᠡᠪᠡᠳᠴᠢᠨ ᠢ ᠰᠡᠷᠭᠡᠶᠢᠯᠡᠵᠦ ᠪᠣᠯᠬᠤ ᠮᠥᠷᠲᠡᠭᠡᠨ ᠪᠠᠰᠠ ᠪᠣᠷᠳᠣᠭᠤᠷ ᠴᠤ ᠪᠤᠯᠵᠦ ᠪᠤᠯᠳᠠᠭ᠃        3. ᠪᠣᠷᠳᠣᠭᠤᠷ ᠴᠤᠭᠯᠠᠭᠤᠯᠤᠭᠰᠠᠨ ᠭᠠᠭ᠋ᠠᠢ ᠶᠢᠨ ᠬᠠᠰᠢᠶ᠎ᠠ ᠳᠤ ᠦᠷᠭᠦᠯᠵᠢ ᠡᠪᠡᠰᠦ ᠳᠡᠪᠢᠰᠴᠦ᠂ ᠦᠷᠭᠦᠯᠵᠢ ᠢᠯᠭᠠᠳᠠᠰᠤ ᠪᠠᠨ ᠭᠠᠷᠭᠠᠵᠤ᠂ ᠢᠯᠭᠠᠳᠠᠰᠤᠨ ᠡᠪᠡᠰᠦ ᠬᠡᠲᠦᠷᠬᠡᠢ ᠠᠷᠪᠢᠳᠠᠭᠠᠳ ᠢᠰᠬᠦ ᠠᠴᠠ ᠵᠠᠶᠢᠯᠠᠰᠬᠢᠵᠦ᠂ ᠭᠠᠭ᠋ᠠᠢ ᠶᠢᠨ ᠬᠠᠰᠢᠶ᠎ᠠ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ ︵ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠨᠢ ᠡᠪᠡᠳᠴᠢᠨ ᠤ ᠪᠠᠺᠲ᠋ᠧᠷᠢ ᠶᠢ ᠦᠷᠡᠵᠢᠭᠦᠯᠬᠦ ᠳᠤ ᠠᠰᠢᠭᠲᠠᠢ︶᠃ ᠬᠡᠷᠪᠡ ᠢᠯᠭᠠᠳᠠᠰᠤ ᠠᠷᠪᠢᠳᠪᠠᠯ ᠭᠠᠭ᠋ᠠᠢ ᠶᠢᠨ ᠰᠠᠷᠠᠪᠴᠢ ᠶᠢᠨ ᠳᠤᠯᠠᠭᠠᠨ ᠤ ᠬᠡᠮᠵᠢᠶ᠎ᠡ ᠳᠡᠭᠡᠭᠰᠢᠯᠡᠨ᠂ ᠴᠢᠭᠢᠭ ᠤᠨ ᠬᠡᠮᠵᠢᠶ᠎ᠡ ᠶᠡᠬᠡᠰᠴᠦ᠂ ᠭᠠᠭ᠋ᠠᠢ ᠶᠢᠨ ᠨᠠᠮᠤᠰᠦ ᠡᠪᠡᠳᠴᠢᠨ ᠳᠤ ᠠᠮᠠᠷᠬᠠᠨ ᠨᠡᠷᠪᠡᠭᠳᠡᠨ᠎ᠡ᠃       4. ᠬᠠᠪᠤᠷ ᠤᠨ ᠤᠯᠠᠷᠢᠯ ᠳᠤ ᠠᠭᠠᠷ ᠤᠨ ᠳᠤᠯᠠᠭᠠᠨ ᠬᠤᠪᠢᠷᠠᠯᠲᠠ ᠲᠠᠢ ᠪᠣᠯᠪᠠᠯ᠂ ᠰᠠᠯᠬᠢ ᠨᠡᠪᠲᠡᠷᠡᠬᠦ ᠭᠠᠵᠠᠷ ᠢ ᠰᠠᠶᠢᠲᠤᠷ ᠪᠥᠭᠯᠡᠵᠦ᠂ ᠬᠦᠢᠲᠡᠨ ᠠᠭᠠᠷ ᠭᠠᠭ᠋ᠠᠢ ᠶᠢᠨ ᠬᠠᠰᠢᠶ᠎ᠠ ᠳᠤ ᠤᠷᠤᠭᠰᠠᠨ ᠠᠴᠠ ᠪᠤᠯᠵᠦ ᠭᠠᠭ᠋ᠠᠢ ᠳᠤ ᠲᠠᠭᠰᠢᠭᠤᠷ ᠲᠤ ᠨᠡᠷᠪᠡᠭᠳᠡᠬᠦ ᠠᠴᠠ ᠰᠡᠷᠭᠡᠶᠢᠯᠡᠬᠦ ᠬᠡᠷᠡᠭᠲᠡᠢ᠃      5. ᠬᠠᠪᠤᠷ ᠤᠨ ᠤᠯᠠᠷᠢᠯ ᠳᠤ ᠲᠣᠷᠣᠢ ᠶᠢᠨ ᠲᠣᠮᠣᠭᠤ ᠬᠢᠵᠢᠭ ᠢ ᠰᠡᠷᠭᠡᠶᠢᠯᠡᠬᠦ ᠶᠢ ᠣᠨᠴᠠ ᠠᠩᠬᠠᠷᠬᠤ ᠬᠡᠷᠡᠭᠲᠡᠢ᠃ ᠬᠦᠢᠲᠡᠨ ᠬᠠᠯᠠᠭᠤᠨ ᠤ ᠬᠤᠪᠢᠷᠠᠯᠲᠠ ᠶᠡᠬᠡᠲᠡᠢ ᠴᠠᠭ ᠠᠭᠤᠷ ᠤᠨ ᠦᠶ᠎ᠡ ᠳᠤ ᠲᠤᠷᠤᠢ ᠶᠢᠨ ᠠᠷᠠᠴᠢᠯᠠᠯᠲᠠ ᠶᠢ ᠴᠢᠩᠭᠠᠳᠬᠠᠬᠤ ᠬᠡᠷᠡᠭᠲᠡᠢ᠃   
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ