ᠵᠢᠵᠢᠭ ᠲᠣᠰᠬᠤᠨ ᠤ ᠵᠢᠷᠭᠠᠯᠳᠤ ᠠᠮᠢᠳᠤᠷᠠᠯ
ᠨᠡᠶᠢᠲᠡᠯᠡᠭᠰᠡᠨ ᠴᠠᠭ᠄
2023/2/14
                                             ᠳᠠᠯᠠᠳ ᠬᠤᠰᠢᠭᠤᠨ ᠤ ᠹᠧᠩ ᠱᠦᠢ ᠯᠢᠶᠠᠩ ᠪᠠᠯᠭᠠᠰᠤᠨ ᠤ ᠰᠠᠨ ᠶᠠᠨ ᠵᠢᠩ ᠲᠣᠰᠬᠤᠨ ᠳᠤ ᠬᠦᠷᠬᠦ ᠳᠤ᠂ ᠥᠷᠭᠡᠨ ᠠᠭᠤᠳᠠᠮ ᠲᠣᠰᠬᠤᠨ ᠤ ᠵᠠᠮ᠂ ᠴᠡᠪᠡᠷ ᠴᠡᠮᠴᠡᠭᠡᠷ ᠬᠥᠳᠡᠭᠡ ᠠᠶᠢᠯ ᠤᠨ ᠬᠡᠷ ᠤᠨ ᠬᠦᠷᠢᠶ᠎ᠡ᠂ ᠭᠤᠶᠢᠳᠡ ᠰᠠᠶᠢᠬᠠᠨ ᠭᠤᠣᠯ ᠰᠡᠳᠦᠪᠲᠦ ᠬᠡᠷᠡᠮ ᠤᠨ ᠵᠢᠷᠤᠭ ᠵᠡᠷᠬᠡ ᠨᠢ ᠰᠢᠨ᠎ᠠ ᠬᠥᠳᠡᠭᠡ ᠲᠤᠰᠬᠤᠨ ᠤ ᠰᠢᠨ᠎ᠠ ᠲᠥᠷᠢ ᠲᠥᠷᠬᠦ ᠶᠢ ᠬᠠᠷᠠᠭᠤᠯᠤᠨ᠎ᠠ᠃ ᠲᠣᠰᠬᠤᠨ ᠤ ᠥᠵᠡᠮᠵᠢ ᠭᠤᠶᠤ ᠰᠠᠶᠢᠬᠠᠨ᠂ ᠵᠠᠮ ᠬᠠᠷᠢᠯᠴᠠᠭ᠎ᠠ ᠰᠠᠭᠠᠳ ᠥᠬᠡᠢ ᠨᠡᠪᠳᠡᠷᠡᠭᠰᠡᠨ᠂ ᠠᠶᠢᠯ ᠡᠷᠦᠬᠡ ᠠᠷᠢᠭᠤᠨ ᠴᠡᠪᠡᠷ ᠨᠢ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠵᠣᠯ ᠵᠢᠷᠭᠠᠯᠳᠤ ᠵᠢᠷᠤᠭᠯᠠᠯ ᠬᠡᠮᠡᠷ᠃     ︽ᠥᠩᠭᠡᠷᠡᠭᠰᠡᠨ ᠳᠤ ᠲᠤᠰᠬᠤᠨ ᠤ ᠵᠠᠮ ᠢᠶᠠᠷ ᠶᠠᠪᠤᠬᠤ ᠳᠤ ᠲᠤᠩᠭᠠᠯᠠᠭ ᠰᠠᠶᠢᠬᠠᠨ ᠡᠳᠦᠷ ᠪᠠᠶᠢᠭᠰᠠᠨ ᠴᠤ ᠪᠥᠳᠥᠨ ᠪᠡᠶ᠎ᠡ ᠲᠤᠭᠤᠰᠤ ᠪᠤᠯᠴᠢᠬᠠᠳᠠᠭ᠂ ᠪᠣᠷᠣᠭᠠᠨ ᠲᠠᠢ ᠡᠳᠦᠷ ᠪᠤᠯ ᠨᠡᠩ ᠴᠤ ᠰᠢᠪᠠᠷ ᠰᠢᠷᠣᠢ ᠨᠠᠭᠠᠯᠳᠤᠵᠥ᠂ ᠵᠠᠮ ᠴᠤ ᠡᠩᠬᠦᠯ ᠳᠤᠩᠬᠤᠯ ᠢᠶᠠᠷ ᠲᠥᠬᠦᠷᠴᠥ ᠪᠠᠶᠢᠭᠰᠠᠨ᠃ ᠤᠳᠤ ᠲᠤᠩᠭᠠᠯᠠᠭ ᠡᠳᠦᠷ ᠴᠤ ᠲᠡᠷᠡ ᠪᠣᠷᠣᠭᠠᠨ ᠲᠠᠢ ᠡᠳᠦᠷ ᠴᠦ ᠲᠡᠷᠡ᠂ ᠠᠶᠤᠬᠤ ᠤᠴᠢᠷ ᠦᠭᠡᠢ ᠪᠤᠯᠵᠠᠢ᠂ ᠰᠠᠭᠤᠳᠠᠯ ᠤᠨ ᠪᠠᠭ᠎ᠠ ᠮᠠᠰᠢᠨ ᠢᠶᠠᠨ ᠵᠢᠯᠤᠭᠤᠳᠤᠭᠰᠠᠨ ᠴᠤ ᠰᠠᠭᠠᠳ ᠥᠬᠡᠢ ᠨᠡᠪᠲᠡᠷᠡᠬᠦ ᠪᠤᠯᠤᠭᠰᠠᠨ᠃ ᠪᠢᠳᠠ ᠲᠣᠰᠬᠤᠨ ᠢᠶᠠᠨ ᠥᠪᠡᠷ ᠤᠨ ᠭᠡᠷ ᠢᠶᠠᠨ ᠮᠡᠳᠦ ᠪᠣᠯᠭᠠᠵᠤ᠂ ᠬᠠᠮᠲᠤ ᠪᠠᠷ ᠣᠷᠴᠢᠨ ᠲᠣᠭᠤᠷᠢᠨ ᠢᠶᠠᠨ ᠬᠠᠮᠠᠭᠠᠯᠠᠨ᠂ ᠭᠡᠷ ᠣᠷᠣᠨ ᠢᠶᠠᠨ ᠬᠠᠮᠠᠭᠠᠯᠠᠬᠤ ᠪᠤᠯᠤᠭᠰᠠᠨ ᠠᠴᠠ ᠮᠠᠨ ᠤ ᠠᠮᠢᠳᠤᠷᠠᠯ ᠶᠠᠪᠤᠬᠤ ᠳᠤᠳᠤᠮ ᠰᠠᠶᠢᠵᠢᠷᠠᠵᠤ ᠪᠠᠶᠢᠨ᠎ᠠ︾ ᠭᠡᠵᠦ ᠲᠤᠰᠬᠤᠨ ᠤ ᠠᠷᠠᠳ ᠸᠠᠩ ᠹᠦ ᠢᠨᠢᠶᠡᠮᠰᠦᠭᠯᠡᠨ ᠶᠠᠷᠢᠨ᠎ᠠ᠃     ᠣᠶᠢᠷ᠎ᠠ ᠶᠢᠨ ᠵᠢᠯ ᠠᠴᠠ ᠨᠠᠭᠠᠰᠢ᠂ ᠰᠠᠨ ᠶᠠᠨ ᠵᠢᠩ ᠲᠣᠰᠬᠤᠨ ᠤ ᠬᠢᠨ ︽ᠨᠠᠮ ᠤᠨ ᠡᠭᠦᠷ ᠬᠥᠭᠵᠢᠯᠳᠡ ᠶᠢ ᠡᠷᠢᠯᠬᠢᠯᠡᠨ᠂ ᠨᠠᠮ ᠤᠨ ᠭᠡᠰᠢᠭᠦᠳ ᠦᠯᠢᠭᠡᠷ ᠲᠠᠭᠤᠷᠢᠶᠠᠯ ᠦᠵᠡᠭᠦᠯᠬᠦ ᠪᠠᠷ ᠴᠢᠷᠮᠠᠶᠢᠵᠤ᠂ ᠣᠯᠠᠨ ᠲᠦᠮᠡᠨ ᠬᠠᠮᠲᠤ ᠪᠠᠷ ᠣᠷᠣᠯᠴᠠᠬᠤ︾ ᠣᠶᠢᠯᠠᠭᠠᠭᠳᠠᠬᠤᠨ ᠢ ᠪᠠᠷᠢᠮᠲᠠᠯᠠᠨ᠂ ᠬᠥᠳᠡᠭᠡ ᠲᠣᠰᠬᠤᠨ ᠢ ᠬᠥᠭᠵᠢᠭᠦᠯᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠤᠨ ᠤᠨᠴᠠᠯᠢᠭᠳᠤ ᠡᠬᠢ ᠪᠠᠶᠠᠯᠢᠭ ᠢ ᠭᠦᠨ ᠠᠭᠤᠳᠠᠯᠵᠤ᠂ ᠬᠥᠳᠡᠭᠡ ᠲᠣᠰᠬᠤᠨ ᠢ ᠬᠥᠭᠵᠢᠭᠦᠯᠬᠦ ᠰᠢᠨ᠎ᠡ ᠬᠡᠪ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ᠂ ᠲᠣᠰᠬᠤᠨ ᠤ ᠬᠠᠮᠲᠤ ᠶᠢᠨ ᠠᠵᠤ ᠠᠬᠤᠶ ᠨᠢ ︽ᠨᠠᠮ ᠤᠨ ᠡᠭᠦᠷ + ᠺᠣᠮᠫᠠᠨᠢ + ᠲᠠᠷᠢᠶᠠᠴᠢᠨ ᠡᠷᠦᠬᠡ︾  ᠶᠢᠨ ᠬᠡᠪ ᠵᠠᠭᠪᠤᠷ ᠢᠶᠠᠷ ᠨᠤᠤᠯᠤᠭᠤᠷ ᠤᠨ ᠢᠮᠠᠭᠠᠨ ᠤ ᠡᠭᠦᠯᠳᠡᠷ ᠤᠨ ᠮᠠᠯ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯᠤᠨ ᠮᠢᠬᠠᠨ ᠬᠤᠨᠢ ᠲᠡᠵᠢᠭᠡᠨ ᠦᠷᠡᠵᠢᠭᠦᠯᠬᠦ ᠲᠦᠷᠦᠯ ᠵᠦᠢᠯ ᠢ ᠬᠥᠭᠵᠢᠭᠦᠯᠵᠦ᠂ ᠵᠢᠶᠦ᠋ᠨ ᠲᠠᠢ ᠳᠤᠰᠤᠯᠭᠠᠨ ᠤᠰᠤᠯᠠᠬᠤ ᠦᠢᠯᠡᠳᠪᠦᠷᠢ ᠳᠤ ᠬᠤᠪᠢ ᠣᠷᠣᠭᠤᠯᠤᠨ ᠠᠰᠢᠭ ᠬᠤᠪᠢᠶᠠᠷᠢᠯᠠᠵᠥ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠬᠡᠳᠦ ᠳᠡᠯᠭᠡᠭᠦᠷ ᠪᠠ ᠲᠣᠰᠬᠤᠨ ᠤ ᠬᠠᠮᠲᠤ ᠶᠢᠨ ᠭᠠᠵᠠᠷ ᠰᠢᠷᠣᠢ ᠶᠢ ᠰᠢᠯᠵᠢᠬᠦᠯᠤᠨ ᠲᠥᠷᠢᠶᠡᠰᠤᠯᠡᠵᠥ᠂ 2 ᠮᠦ ᠰᠣᠷᠭᠤᠭ ᠭᠠ ᠲᠤᠷᠰᠢᠨ ᠲᠠᠷᠢᠵᠥ᠂ ᠦᠢᠯᠡᠳᠬᠦᠨ ᠢ ᠯᠸᠢ ᠳ᠋ᠡ ᠵᠢᠶᠧ ᠢᠳᠡᠭᠡᠨ ᠤ ᠺᠣᠮᠫᠠᠨᠢ ᠶᠢᠨ ᠡᠳ᠋ᠰᠢᠭᠦᠯᠦᠨ ᠪᠣᠭᠤᠳᠠᠯᠯᠠᠵᠤ ᠪᠣᠷᠣᠯᠠᠭᠤᠯᠤᠨ ᠬᠤᠳᠠᠯᠳᠤᠬᠤ ᠪᠠᠷ ᠳᠠᠮᠵᠢᠭᠤᠯᠤᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠤᠨ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠴᠡᠪᠡᠷ ᠣᠷᠣᠯᠭ᠎ᠠ 15 ᠲᠦᠮᠡᠨ ᠲᠥᠭᠦᠷᠢᠭ᠂ ᠡᠵᠡᠩᠨᠡᠯᠲᠡ ᠶᠢᠨ ᠴᠢᠨᠠᠷᠲᠠᠶ ᠣᠷᠣᠯᠭ᠎ᠠ 22 ᠲᠦᠮᠡᠨ ᠲᠥᠭᠦᠷᠢᠭ ᠲᠤ ᠬᠦᠷᠴᠡᠶ᠃     ᠥᠩᠭᠡᠷᠡᠭᠰᠡᠨ ᠳᠤ ᠰᠠᠨ ᠶᠠᠨ ᠵᠢᠩ ᠲᠣᠰᠬᠤᠨ ᠤ ᠰᠠᠭᠤᠷᠢ ᠲᠥᠬᠦᠭᠡᠷᠦᠮᠵᠢ ᠬᠤᠴᠣᠷᠤᠩᠭᠤᠢ᠂ ᠵᠠᠮ ᠬᠠᠷᠢᠯᠴᠠᠭ᠎ᠠ ᠳᠥᠭᠦᠮ ᠦᠭᠡᠢ᠂ ᠭᠤᠣᠯᠯᠠᠬᠤ ᠠᠵᠤ ᠦᠢᠯᠡᠰ ᠳᠤᠲᠠᠭᠳᠠᠵᠤ᠂ ᠲᠣᠰᠬᠤᠨ ᠤ ᠠᠷᠠᠳ ᠤᠨ ᠠᠵᠢᠯ ᠤᠯᠬᠤ ᠵᠠᠮ ᠢᠪᠴᠤᠤ ᠪᠠᠶᠢᠭᠰᠠᠨ ᠶᠤᠮ᠃ ᠤᠳᠤ ᠶᠢᠨ ᠰᠠᠨ ᠶᠠᠨ ᠵᠢᠩ ᠲᠣᠰᠬᠤᠨ ᠰᠠᠭᠤᠷᠢ ᠲᠥᠬᠦᠭᠡᠷᠦᠮᠵᠢ ᠶᠢ ᠬᠦᠴᠦᠷᠬᠡᠭᠵᠢᠭᠦᠯᠦᠨ ᠠᠵᠤ ᠦᠢᠯᠡᠰ ᠢ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ 2022 ᠣᠨ ᠳᠤ᠂ ᠬᠠᠶᠢᠷ ᠴᠢᠯᠠᠭᠤᠨ ᠵᠠᠮ ᠢ 15 ᠺᠢᠯᠦᠮᠧᠲᠷ ᠰᠢᠨ᠎ᠡ ᠪᠠᠷ ᠵᠠᠰᠠᠵᠤ᠂ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ 7 ᠰᠢᠨ᠎ᠡ ᠪᠠᠷ ᠨᠡᠮᠡᠨ᠂ 10  ᠺᠢᠯᠦᠮᠧᠲᠷ ᠳᠣᠣᠷ᠎ᠠ ᠬᠦᠴᠦᠳᠡᠯᠲᠦ ᠴᠠᠬᠢᠯᠭᠠᠨ ᠤᠲᠠᠰᠤ ᠶᠢ ᠰᠢᠨᠡᠳᠭᠡᠨ ᠵᠠᠰᠠᠭᠰᠠᠨ ᠪᠠ ᠰᠢᠨ᠎ᠡ ᠪᠠᠷ ᠤᠭᠰᠠᠷᠠᠵᠤ᠂ ᠰᠢᠨ᠎ᠡ ᠪᠠᠷ 4 ᠬᠤᠳᠳᠤᠭ ᠮᠠᠯᠲᠠᠨ᠂ 2000 ᠮᠧᠲᠷ ᠤᠨ ᠬᠤᠭᠤᠯᠠᠢ ᠶᠢ ᠵᠣᠬᠢᠴᠠᠭᠤᠯᠵᠥ᠂ 2  ᠺᠢᠯᠦᠮᠧᠲᠷ ᠤᠨ ᠬᠤᠭᠤᠯᠠᠢ ᠶᠢ ᠰᠢᠨ᠎ᠡ ᠪᠠᠷ ᠵᠠᠰᠠᠨ᠂ ᠲᠤᠮᠳᠠᠳᠤ ᠤᠯᠤᠰ ᠤᠨ ᠭᠤᠸᠠᠩᠳᠥ᠋ᠡᠭ ᠤᠨ ᠴᠥᠮ᠎ᠠ ᠶᠢᠨ ᠴᠠᠬᠢᠯᠭᠠᠨ ᠤ ᠪᠥᠯᠥᠭᠯᠡᠯ ᠠᠴᠠ 10MW ᠰᠠᠯᠬᠢᠨ ᠬᠦᠴᠦᠨ ᠤ ᠮᠠᠰᠢᠨ ᠢ 2 ᠤᠭᠰᠠᠷᠠᠵᠠᠢ᠃ ᠡᠨᠡ ᠵᠢᠯ ᠰᠣᠷᠭᠤᠭ ᠭᠠ ᠲᠠᠷᠢᠬᠤ ᠲᠠᠯᠠᠪᠠᠢ ᠶᠢ ᠦᠷᠭᠦᠯᠵᠢᠯᠡᠨ ᠥᠷᠭᠡᠳᠭᠡᠬᠦ ᠪᠠᠷ ᠪᠤᠢ᠃      ︽ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠲᠣᠰᠬᠤᠨ ᠤ ᠶᠡᠭᠡ ᠬᠤᠪᠢᠷᠠᠯᠲᠠ ᠶᠢ ᠬᠠᠷᠠᠭᠠᠳ ᠰᠡᠳᠭᠢᠯ ᠠᠭᠤᠵᠢᠷᠠᠭᠰᠠᠨ ᠪᠥᠭᠡᠳ ᠵᠣᠯ ᠵᠢᠷᠭᠠᠯ ᠲᠠᠢ ᠪᠠᠶᠢᠵᠤ᠂ ᠰᠠᠨ ᠶᠠᠨ ᠵᠢᠩ ᠲᠣᠰᠬᠤᠨ ᠳᠤ ᠢᠷᠡᠭᠰᠡᠨ ᠠᠴᠠ ᠨᠠᠭᠠᠰᠢ᠂ ᠡᠳᠦᠷ ᠪᠦᠷᠢ ᠲᠣᠰᠬᠤᠨ ᠤ ᠠᠷᠠᠳ ᠲᠠᠢ ᠬᠠᠮᠲᠤ ᠰᠠᠭᠤᠵᠤ᠂ ᠬᠠᠮᠲᠤ ᠠᠵᠢᠯᠯᠠᠬᠤ ᠨᠢ ᠦᠭᠡ ᠶᠠᠷᠢᠶ᠎ᠠ ᠪᠠᠷ ᠢᠯᠡᠳᠭᠡᠬᠦ ᠶᠢᠨ ᠠᠷᠭ᠎ᠠ ᠦᠭᠡᠢ ᠵᠣᠯ ᠵᠢᠷᠭᠠᠯ ᠪᠣᠯᠤᠨ᠎ᠠ︾ ᠬᠡᠵᠥ ᠰᠠᠨ ᠶᠠᠨ ᠵᠢᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠳ᠋ᠠᠨ ᠶᠦᠩ ᠯᠢ ᠶᠠᠷᠢᠨ᠎ᠠ᠃       ᠣᠶᠢᠷ᠎ᠠ ᠶᠢᠨ ᠵᠢᠯ ᠳᠤ᠂ ᠰᠠᠨ ᠶᠠᠨ ᠵᠢᠩ ᠲᠣᠰᠬᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠰᠡᠯᠪᠢᠨ ᠵᠠᠰᠠᠵᠤ᠂ ᠰᠠᠨ ᠶᠠᠨ ᠵᠢᠩ ᠲᠣᠰᠬᠤᠨ ᠤ ᠠᠷᠠᠳ ᠲᠤ ᠳᠦᠬᠦᠮ ᠦᠵᠡᠭᠦᠯᠬᠦ ᠦᠢᠯᠡᠴᠢᠯᠡᠭᠡᠨ ᠤ ᠬᠡᠳᠦ ᠳᠡᠯᠭᠡᠭᠦᠷ ᠢ ᠰᠢᠨ᠎ᠡ ᠪᠠᠷ ᠪᠠᠶᠢᠭᠤᠯᠤᠨ᠂ ᠭᠤᠣᠯ ᠵᠠᠮ ᠢ ᠥᠷᠭᠡᠳᠭᠡᠵᠦ᠂ ᠭᠤᠳᠤᠮᠵᠢ ᠶᠢᠨ ᠵᠠᠮ ᠢ ᠬᠠᠲᠠᠭᠤᠷᠠᠭᠤᠯᠤᠨ᠂ ᠲᠣᠰᠬᠤᠨ ᠤ ᠠᠷᠠᠳ ᠢ ᠰᠡᠯᠡᠭᠦᠴᠡᠵᠦ ᠪᠡᠶ᠎ᠡ ᠴᠢᠭᠢᠷᠠᠭᠵᠢᠭᠤᠯᠬᠤ ᠲᠠᠯᠠᠪᠤᠷ ᠲᠠᠢ ᠪᠣᠯᠭᠠᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ ᠬᠥᠭᠵᠢᠯᠲᠡ ᠶᠢ ᠲᠥᠷᠬᠡᠳᠬᠡᠵᠥ᠂ ᠤᠯᠠᠨ ᠲᠦᠮᠡᠨ ᠤ ᠠᠮᠢᠳᠤᠷᠠᠯ ᠢ ᠨᠥᠯᠥᠭᠡᠯᠡᠵᠦ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠬᠦᠯᠵᠥ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠨᠡᠩ ᠡᠶ᠎ᠡ ᠨᠠᠶᠢᠷᠰᠠᠭ ᠪᠤᠯᠵᠤ᠂ ᠳᠤᠲᠠᠭᠤᠳᠠᠯ ᠪᠠᠭᠤᠷᠠᠢ ᠵᠦᠢᠯᠡᠰ ᠢ ᠪᠦᠬᠦ ᠲᠠᠯ᠎ᠠ ᠪᠠᠷ ᠨᠥᠬᠦᠪᠥᠷᠢᠯᠡᠨ᠂ ᠲᠣᠰᠬᠤᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠵᠠᠢ᠃       
ᠢᠷᠡᠯᠲᠡ᠄ ᠤᠷᠳᠤᠰ ᠮᠤᠩᠭᠤᠯ ᠰᠦᠯᠵᠢᠶ᠎ᠡ