ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠵᠦ ᠬᠤᠯᠪᠤᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/2/14
    ᠵᠣᠭᠰᠣᠴᠠ ᠪᠠᠨ ᠪᠠᠳᠤᠳᠬᠠᠨ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠬᠦ ᠶᠢ ᠠᠳᠬᠤᠬᠤ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ 2022 ᠣᠨ ᠤ ᠠᠵᠢᠯ ᠤᠨ ᠳ᠋ᠦᠩᠨᠡᠯᠲᠡ ᠪᠠ 2023 ᠣᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠷᠠᠯᠲᠠ ᠪᠠᠨ ᠰᠤᠯᠠᠷᠠᠭᠤᠯᠤᠯ ᠥᠬᠡᠶ ᠪᠠᠷᠢᠮᠲᠠᠯᠠᠨ᠂ ᠳᠠᠷᠤᠯᠲᠠ ᠥᠭᠴᠦ ᠡᠷᠡᠮᠡᠭᠡᠶᠢᠯᠡᠨ ᠤᠷᠤᠭᠰᠢᠯᠠᠵᠦ᠂ ᠦᠨᠡᠨ ᠬᠦ ᠠᠳᠬᠤᠵᠤ ᠪᠣᠳᠠᠲᠠᠶ ᠠᠵᠢᠯᠯᠠᠨ᠂ ᠡᠭᠦᠷᠭᠡ ᠪᠠᠨ ᠬᠠᠰᠤᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠥᠬᠦ ᠬᠤᠲᠠ ᠶᠢᠨ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠶᠢ ᠠᠬᠢᠭᠤᠯᠬᠤ 2023 ᠣᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠳᠤᠯᠭᠠᠨ ᠢ ᠳᠠᠬᠢᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠴᠠᠷᠠᠭᠠᠨ ᠤ ᠪᠣᠳᠠᠲᠠᠶ ᠬᠠᠷᠠᠯᠲᠠ ᠪᠠ ᠠᠵᠢᠯ ᠤᠨ ᠡᠭᠦᠷᠭᠡ ᠶᠢ ᠣᠨᠣᠪᠴᠢᠲᠠᠶ ᠡᠵᠡᠮᠳᠡᠬᠦ ᠬᠡᠷᠡᠭᠲᠡᠶ᠃ ᠠᠷᠭ᠎ᠠ ᠬᠡᠮᠵᠢᠶ᠎ᠡ ᠶᠢ ᠳᠠᠬᠢᠨ ᠨᠠᠷᠢᠯᠢᠬᠵᠢᠭᠤᠯᠵᠤ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠪᠠ ᠭᠤᠤᠯᠳᠠᠯᠭ᠎ᠠ ᠲᠠᠢ ᠲᠥᠷᠥᠯ ᠵᠦᠢᠯ ᠢ ᠲᠦᠯᠦᠪᠵᠢᠬᠦᠯᠦᠨ ᠡᠮᠬᠢᠯᠡᠵᠦ᠂ ᠡᠭᠦᠷᠭᠡ ᠶᠢ ᠬᠤᠰᠢᠭᠤ ᠲᠣᠭᠤᠷᠢᠭ᠂ ᠰᠠᠯᠠᠭ᠎ᠠ ᠮᠥᠴᠢᠷ ᠪᠠ ᠬᠠᠷᠢᠭᠤᠴᠠᠯᠭ᠎ᠠ ᠶᠢᠨ ᠬᠦᠮᠦᠨ ᠳᠤ ᠭᠥᠷᠲᠡᠯ᠎ᠠ ᠬᠤᠪᠢᠶᠠᠷᠢᠯᠠᠨ ᠥᠭᠬᠦ ᠬᠡᠷᠡᠭᠲᠡᠶ᠃ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠲᠤᠯᠤᠭᠠᠶᠢᠯᠠᠨ ᠤᠳᠤᠷᠢᠳᠴᠤ᠂ ᠲᠤᠯᠤᠭᠠᠶᠢᠯᠠᠨ ᠬᠢᠬᠦ ᠨᠢᠭᠡᠴᠢ ᠦᠨᠡᠨ ᠬᠦ ᠲᠤᠯᠤᠭᠠᠶᠢᠯᠠᠨ ᠬᠢᠵᠦ᠂ ᠬᠠᠷᠢᠭᠤᠴᠠᠯᠭ᠎ᠠ ᠡᠬᠦᠷᠭᠡᠯᠡᠬᠦ ᠨᠢᠭᠡᠴᠢ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠨᠡ ᠵᠢᠯ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃   
ᠢᠷᠡᠯᠲᠡ᠄ ᠤᠷᠳᠤᠰ ᠮᠤᠩᠭᠤᠯ ᠰᠦᠯᠵᠢᠶ᠎ᠡ