| ᠮᠠᠯᠵᠢᠬᠤ ᠲᠠᠷᠢᠶᠠᠯᠠᠬᠤ ᠣᠷᠣᠨ ᠳᠤ ᠭᠡᠷ ᠲᠡᠭᠡᠨ ᠭᠠᠭᠴᠠᠭᠠᠷ ᠢᠶᠠᠨ ᠠᠮᠢᠳᠤᠷᠠᠵᠤ ᠪᠠᠶᠢᠭ᠎ᠠ ᠨᠠᠰᠤᠳᠠᠶᠢᠴᠤᠳ ᠤᠯᠠᠨ ᠮᠦᠷᠳᠡᠭᠡᠨ ᠲᠠᠷᠬᠠᠢ ᠪᠤᠳᠠᠷᠬᠠᠢ | ᠰᠠᠭᠤᠷᠢᠰᠢᠵᠤ ᠪᠠᠶᠢᠭ᠎ᠠ ᠪᠠᠶᠢᠳᠠᠯ ᠳᠤ ᠴᠢᠭᠯᠡᠬᠦᠯᠦᠨ᠂ ᠣᠷᠳᠣᠰ ᠬᠤᠲᠠ ᠨᠢ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠳᠤ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠦᠢᠯᠡᠴᠢᠯᠡᠭᠡᠨ ᠤ ᠬᠠᠮᠢᠶᠠᠷᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠵᠤ ᠬᠠᠷᠠᠭᠠᠯᠵᠠᠬᠤ ᠵᠠᠭᠪᠤᠷ ᠢ ᠳᠡᠯᠭᠡᠷᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ︵ᠥᠷᠲᠡᠭᠡ︶᠂ ᠡᠷᠡᠭᠦᠯ ᠬᠠᠮᠠᠭᠠᠯᠠᠯ ᠤᠨ ᠲᠠᠰᠤᠭ ᠵᠡᠷᠭᠡ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠦᠬᠦᠬᠡᠷᠦᠮᠵᠢ ᠳᠤ ᠲᠦᠰᠢᠭᠯᠡᠨ᠂ ᠪᠡᠶ᠎ᠡ ᠴᠢᠭᠢᠷᠠᠭᠵᠢᠭᠤᠯᠬᠤ᠂ ᠬᠤᠭᠤᠯᠠᠨ ᠬᠡᠷ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠥᠷᠲᠡᠭᠡ ᠵᠡᠷᠭᠡ ᠶᠢ ᠪᠠᠭᠲᠠᠭᠠᠭᠰᠠᠨ ᠣᠯᠠᠨ ᠬᠡᠷᠡᠭᠴᠡᠭᠡᠲᠦ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠠᠭᠤᠯᠭ᠎ᠠ ᠶᠢ ᠥᠷᠭᠡᠳᠭᠡᠪᠠ᠃ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠨ ᠢ ᠠᠰᠠᠷᠠᠬᠤ | ᠬᠦᠷᠢᠶᠡᠯᠡᠩ ᠤᠨ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠥᠭᠡᠷᠡᠴᠢᠯᠡᠯᠲᠡ ᠶᠢ ᠠᠬᠢᠭᠤᠯᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠲᠠᠰ | ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠪᠡ᠃ ᠨᠥᠬᠦᠴᠡᠯ ᠲᠠᠢ ᠬᠤᠰᠢᠭᠤ ︵ᠲᠣᠭᠤᠷᠢᠭ︶ ᠨᠢ ᠨᠠᠰᠤᠲᠠᠨ ᠢ ᠠᠰᠠᠷᠠᠬᠤ ᠬᠦᠷᠢᠶᠡᠯᠡᠩ ᠢ ᠣᠷᠣᠨ | ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯᠭᠠᠨ ᠦᠬᠡᠷᠡᠴᠢᠯᠡᠨ ᠲᠡᠰ ᠲᠡᠪᠰᠢᠬᠦᠯᠦᠭᠰᠡᠨ ᠪᠠᠶᠢᠨ᠎ᠠ᠃ | ᠣᠳᠣᠬᠠᠨ ᠳᠤ ᠣᠷᠳᠣᠰ ᠬᠤᠲᠠ ᠬᠠᠷᠢᠯᠴᠠᠨ ᠬᠠᠪᠰᠤᠷᠤᠯᠴᠠᠬᠤ ᠨᠠᠰᠤᠲᠠᠨ ᠢ ᠠᠰᠠᠷᠠᠬᠤ ᠬᠦᠷᠢᠶᠡᠯᠡᠩ ᠢ 57 ᠪᠠᠶᠢᠭᠤᠯᠵᠤ᠂ ᠠᠵᠢᠯᠯᠠᠭᠠᠨ ᠤ ᠲᠠᠯ᠎ᠠ ᠪᠠᠷ ︽ | ᠲᠥᠪᠯᠡᠷᠡᠨ ᠰᠠᠭᠤᠬᠤ᠂ ᠡᠷᠦᠬᠡ ᠬᠤᠪᠢᠶᠠᠨ ᠠᠮᠢᠳᠤᠷᠠᠬᠤ᠂ ᠨᠢᠭᠡᠳᠦᠯᠲᠡᠶ ᠬᠠᠮᠢᠶᠠᠷᠬᠤ᠂ ᠬᠠᠷᠢᠯᠴᠠᠨ ᠬᠠᠪᠰᠤᠷᠴᠤ ᠬᠠᠷᠢᠯᠴᠠᠨ ᠬᠠᠷᠠᠭᠠᠯᠵᠠᠬᠤ︾ ᠵᠠᠭᠪᠤᠷ ᠢ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠠᠭᠴᠠᠭᠠᠷ ᠢᠶᠠᠨ ᠠᠮᠢᠳᠤᠷᠠᠵᠤ ᠪᠠᠶᠢᠭ᠎ᠠ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠳᠤ ᠦᠨᠳᠦᠰᠦᠨ | ᠪᠠᠲᠤᠯᠠᠭ᠎ᠠ ᠬᠠᠩᠭᠠᠭᠰᠠᠨ ᠪᠠᠶᠢᠨ᠎ᠠ᠃ | | |