2022 ᠣᠨ ᠳᠤ ᠪᠥᠬᠦ ᠬᠤᠲᠠ ᠶᠢᠨ ᠠᠵᠥ ᠠᠬᠤᠶᠢᠯᠠᠯ ᠤᠨ ᠲᠤᠭ᠎ᠠ ᠬᠡᠮᠵᠢᠶ᠎ᠠ ᠪᠠ ᠴᠢᠨᠠᠷ ᠴᠢᠨᠰᠠᠭ᠎ᠠ ᠲᠡᠭᠡᠭᠰᠢᠯᠡᠪᠡ
ᠨᠡᠶᠢᠲᠡᠯᠡᠭᠰᠡᠨ ᠴᠠᠭ᠄
2023/2/14
      ᠬᠢᠶ᠎ᠠ ᠪᠠᠭᠰᠢ ᠶᠢᠨ ᠮᠡᠳᠡᠭᠡ ᠤᠶᠢᠷ᠎ᠡ ᠶᠢᠨ ᠡᠳᠤᠷ᠂ 2023 ᠣᠨ ᠤ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ 2022 ᠣᠨ ᠤ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ 10 ᠬᠦᠴᠦᠷᠬᠡᠭ᠂ 50 ᠬᠦᠴᠦᠷᠬᠡᠭ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠭᠰᠡᠨ ᠤ ᠬᠠᠮᠳᠤ ᠣᠷᠳᠣᠰ ᠬᠤᠲᠠ ᠶᠢᠨ ᠰᠢ ᠶᠢᠨ ᠲᠡᠮᠦᠷᠯᠢᠭ ᠬᠠᠶᠢᠯᠤᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ 10 ᠬᠦᠴᠦᠷᠬᠡᠭ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠪᠠ᠃     2022 ᠣᠨ ᠳᠤ᠂ ᠪᠦᠬᠦ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠨᠢ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠳᠠ ᠶᠢ ᠪᠦᠳᠦᠬᠡᠨ ᠪᠠᠶᠢᠭᠤᠯᠬᠤ ᠪᠠᠷ ᠬᠥᠲᠥᠯᠦᠮᠵᠢ ᠪᠣᠯᠭᠠᠵᠤ᠂ ︽ᠭᠤᠷᠪᠠᠨ ᠲᠥᠯᠥᠬᠡᠯᠡᠬᠦ ᠴᠢᠨᠠᠷᠳᠠᠢ︾ ᠪᠠᠷ ᠤᠳᠤᠷᠢᠳᠤᠮᠵᠢ ᠪᠣᠯᠭᠠᠨ᠂ ︽ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠣᠨ︾ ᠢᠶᠠᠷ ᠭᠤᠣᠯ ᠰᠢᠵᠢᠮ ᠪᠣᠯᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠳᠠᠰᠤᠷᠠᠯᠳᠠ ᠦᠬᠡᠢ ᠴᠣᠯᠭᠤᠷᠠᠨ ᠭᠠᠷᠴᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠴᠢᠨᠠᠷ ᠴᠢᠨᠰᠠᠭ᠎ᠠ ᠵᠡᠷᠭᠡ ᠪᠠᠷ ᠳᠡᠭᠡᠭᠰᠢᠯᠡᠵᠡᠢ᠃     ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠪᠠ ᠭᠠᠷᠭᠠᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ 8.5 ᠳ᠋ᠦᠩᠰᠢᠭᠤᠷ ᠲᠥᠭᠦᠷᠢᠭ ᠳᠣᠭᠢᠷᠠᠭᠤᠯᠤᠨ᠂ 21.4% ᠪᠠᠷ ᠨᠡᠮᠡᠭᠳᠡᠵᠦ᠂ ᠠᠵᠤ ᠠᠬᠤᠶᠢᠯᠠᠯ ᠵᠡᠷᠭᠡ ᠰᠢᠨ᠎ᠡ ᠶᠢ ᠡᠭᠦᠳᠬᠦ ᠭᠤᠤᠯ ᠴᠣᠭᠴᠠ ᠳᠤ ᠬᠠᠨᠳᠤᠭᠤᠯᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠵᠡᠷᠭᠡ ᠱᠠᠩᠨᠠᠵᠤ ᠨᠥᠬᠦᠪᠥᠷᠢᠯᠡᠬᠦ ᠪᠠᠯᠠ ᠮᠥᠩᠭᠦ ᠶᠢ 1.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ 70 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ 25% ᠪᠠᠷ ᠨᠡᠮᠡᠭᠳᠡᠭᠦᠯᠵᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠶᠡᠷᠦᠩᠬᠡᠶ ᠬᠡᠮᠵᠢᠶ᠎ᠡ ᠪᠠ ᠬᠤᠪᠢ ᠨᠡᠮᠡᠷᠢ ᠨᠢ ᠴᠥᠮ ᠪᠥᠬᠦ ᠣᠷᠣᠨ ᠤ ᠲᠡᠷᠢᠭᠦᠨ ᠳᠤ ᠣᠷᠣᠪᠠ᠃ ᠲᠦᠮᠡᠨ ᠲᠣᠨ ᠤ ᠲᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ᠂ ᠨᠤᠨᠲᠠᠭ ᠨᠡᠭᠦᠷᠡᠰᠦᠨ ᠤ ᠦᠨᠡᠰᠦ ᠠᠴᠠ ᠴᠠᠬᠢᠭᠤᠷ ᠬᠦᠩᠭᠡᠨ ᠴᠠᠭᠠᠨ ᠤ ᠬᠠᠶᠢᠯᠤᠰᠢ ᠶᠢ ᠭᠠᠷᠭᠠᠨ ᠠᠪᠬᠤ ᠵᠡᠷᠭᠡ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠲᠥᠷᠥᠯ ᠵᠥᠢᠯ ᠢ ᠲᠦᠷᠭᠡᠳᠬᠡᠨ ᠪᠣᠳᠠᠲᠠᠶᠢᠵᠢᠭᠤᠯᠬᠤ ᠪᠠ ᠲᠤᠷᠰᠢᠯᠲᠠ ᠬᠢᠵᠦ ᠲᠠᠭᠤᠷᠢᠶᠠᠯ ᠦᠵᠡᠭᠦᠯᠵᠠᠢ᠃     ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠬᠤ ᠠᠵᠢᠯ ᠰᠢᠨ᠎ᠡ ᠦᠷ᠎ᠡ ᠪᠦᠲᠦᠮᠵᠢ ᠤᠯᠪᠠ᠃ ︽ᠭᠤᠷᠪᠠ ᠶᠢ ᠥᠭᠡᠶᠢᠰᠭᠡᠭᠦ︾ ᠠᠵᠢᠯᠯᠠᠭ᠎ᠠ ᠪᠠ ︽ᠬᠤᠤᠰ ᠨᠡᠮᠡᠭᠲᠡᠯ︾ ᠲᠥᠯᠥᠪᠯᠡᠭᠡ ᠶᠢ ᠯᠠᠪᠳᠠᠭᠤᠨ ᠢᠶᠠᠷ ᠠᠬᠢᠭᠤᠯᠵᠤ᠂ ︽ᠭᠤᠷᠪᠠ ᠶᠢ ᠥᠭᠡᠶᠢᠰᠭᠡᠭᠦ︾ ᠠᠵᠤ ᠠᠬᠤᠶᠢᠯᠠᠯ ᠢ 43 ᠰᠢᠨ᠎ᠡ ᠪᠠᠷ ᠨᠡᠮᠡᠭᠳᠡᠭᠦᠯᠦᠨ᠂ 160 ᠳ᠋ᠧ ᠬᠦᠷᠭᠡᠪᠠ᠃ ᠪᠥᠬᠦ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 228 ᠪᠣᠯᠵᠣ᠂ ᠠᠳᠠᠯᠢ ᠬᠤᠭᠤᠴᠠᠭᠠᠨ ᠤ ᠬᠢ ᠠᠴᠠ 34% ᠪᠠᠷ ᠨᠡᠮᠡᠭᠳᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 358 ᠪᠣᠯᠵᠣ᠂ ᠠᠳᠠᠯᠢ ᠬᠤᠭᠤᠴᠠᠭᠠᠨ ᠤ ᠬᠢ ᠠᠴᠠ 110% ᠪᠠᠷ ᠨᠡᠮᠡᠭᠳᠡᠪᠡ᠃     ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠠ ᠡᠬᠢᠯᠡᠯᠳᠡ ᠶᠢ ᠪᠤᠢ ᠪᠤᠯᠭᠠᠪᠠ᠃ ᠪᠦ᠋ᠬᠦ ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠶᠢᠨ ᠪᠦᠳᠦᠭᠡᠨ ᠪᠠᠶᠢᠭᠤᠯᠤᠯᠳᠡ ᠳᠤ ᠠᠩᠬᠠᠷᠤᠯ ᠢᠶᠠᠨ ᠳᠦᠪᠯᠡᠷᠡᠭᠦᠯᠦᠨ᠂ ᠳᠦᠷᠦ ᠶᠢᠨ ᠪᠤᠳᠤᠯᠭ᠎ᠠ ᠶᠢᠨ ᠣᠷᠴᠢᠨ ᠠᠬᠤᠢ ᠪᠣᠯᠤᠨ ᠲᠤᠯᠭᠠᠭᠤᠷᠢᠯᠠᠯ ᠤᠨ ᠪᠠᠲᠤᠯᠠᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠦᠨ ᠲᠥᠯᠥᠪᠯᠡᠭᠡ ᠶᠢᠨ ᠰᠢᠰᠲ᠋ᠧᠮ ᠤᠨ ᠪᠠᠶᠢᠷᠢᠰᠢᠭᠤᠯᠤᠯᠲᠠ ᠶᠢ ᠥᠭᠡᠷᠡᠴᠢᠯᠡᠨ᠂ ᠰᠢᠨ᠎ᠡ ᠶᠢ ᠡᠭᠦᠳᠬᠦ ᠭᠥᠴᠥᠨ ᠵᠥᠢᠯ ᠢ ᠠᠵᠤ ᠠᠬᠤᠶᠢᠯᠠᠯ ᠲᠡᠶᠢᠰᠢ ᠲᠥᠪᠯᠡᠷᠡᠭᠦᠯᠬᠦ ᠶᠢ ᠬᠦᠳᠦᠯᠦᠨ ᠵᠢᠯᠣᠭᠤᠳᠴᠤ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ︽ᠭᠤᠷᠪᠠᠨ ᠲᠦᠷᠪᠡ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠤᠭ ᠤᠨ ᠴᠢᠩᠭ᠎ᠠ ᠬᠥᠳᠡᠯᠭᠡᠬᠦ ᠬᠦᠴᠦᠨ ᠢ ᠪᠤᠢ ᠪᠤᠯᠭᠠᠭᠰᠠᠨ ᠪᠠᠶᠢᠨ᠎ᠠ᠃   
ᠢᠷᠡᠯᠲᠡ᠄ ᠤᠷᠳᠤᠰ ᠮᠤᠩᠭᠤᠯ ᠰᠦᠯᠵᠢᠶ᠎ᠡ