ᠬᠦᠷᠰᠢ ᠵᠡᠷᠬᠡᠯᠡᠳᠡᠭᠡ ᠳᠡᠭᠡᠨ ᠨᠠᠢᠳᠠᠵᠤ ᠲᠦᠯᠦᠪᠦᠷᠢ ᠦᠬᠡᠢ ᠪᠠᠷ ᠬᠠᠳᠠᠭᠠᠯᠠᠨ ᠬᠠᠮᠢᠶᠠᠷᠤᠭᠤᠯᠤᠬᠰᠠᠨ ᠡᠳ᠋ ᠪᠤᠳᠠᠰ ᠬᠤᠯᠠᠭᠠᠢᠯᠠᠬᠳᠠᠬᠰᠠᠨ ᠪᠠᠢᠪᠠᠯ ᠲᠦᠯᠦᠬᠦᠯᠬᠦ ᠪᠠᠷ ᠱᠠᠭᠠᠷᠳᠠᠵᠤ ᠪᠤᠯᠤᠨ᠎ᠠ ᠦᠦ︖
ᠨᠡᠶᠢᠲᠡᠯᠡᠭᠰᠡᠨ ᠴᠠᠭ᠄
2023/2/14
     ᠬᠦᠷᠰᠢ ᠵᠡᠷᠬᠡᠯᠡᠳᠡᠭᠡ ᠳᠡᠭᠡᠨ ᠨᠠᠢᠳᠠᠵᠤ ᠡᠳ᠋ ᠪᠤᠳᠠᠰ ᠢ ᠲᠦᠯᠦᠪᠦᠷᠢ ᠦᠬᠡᠢ ᠪᠠᠷ ᠬᠠᠳᠠᠭᠠᠯᠠᠨ ᠬᠠᠮᠢᠶᠠᠷᠤᠭᠤᠯᠤᠭᠠᠳ᠂ ᠬᠠᠳᠠᠭᠠᠯᠠᠬᠴᠢ ᠪᠤᠯᠤᠬᠰᠠᠨ ᠬᠦᠷᠰᠢ ᠵᠡᠷᠬᠡᠯᠡᠳᠡᠭᠡ ᠨᠢ ᠬᠠᠳᠠᠭᠠᠯᠠᠨ ᠬᠠᠮᠢᠶᠠᠷᠬᠤ ᠳᠠᠭᠠᠨ ᠴᠢᠬᠤᠯᠠ ᠶᠡᠭᠡ ᠤᠰᠤᠯ ᠭᠠᠷᠭᠠᠬᠰᠠᠨ ᠠᠴᠠ ᠪᠤᠯᠵᠤ ᠬᠠᠳᠠᠭᠠᠯᠠᠨ ᠬᠠᠮᠢᠶᠠᠷᠤᠭᠤᠯᠤᠬᠰᠠᠨ ᠡᠳ᠋ ᠪᠤᠳᠠᠰ ᠢ ᠭᠡᠭᠡᠭᠳᠡᠬᠦᠯᠦᠭᠰᠡᠨ ᠯᠡ ᠶᠤᠮ ᠪᠤᠯ᠂ ᠬᠦᠷᠰᠢ ᠵᠡᠷᠬᠡᠯᠡᠳᠡᠭᠡ ᠨᠢ ᠲᠦᠯᠦᠬᠦ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃ ᠬᠡᠯᠡᠯᠬᠡᠨ ᠦᠬᠡᠢ᠂ ᠲᠦᠯᠦᠪᠦᠷᠢ ᠦᠬᠡᠢ ᠪᠠᠷ ᠬᠠᠳᠠᠭᠠᠯᠠᠨ ᠬᠠᠮᠢᠶᠠᠷᠤᠬᠰᠠᠨ ᠬᠠᠳᠠᠭᠠᠯᠠᠬᠴᠢ ᠲᠠᠯ᠎ᠠ ᠨᠢ ᠬᠦᠯᠦᠰᠦ ᠬᠠᠷᠠᠮᠵᠢ ᠠᠪᠤᠬᠰᠠᠨ ᠦᠬᠡᠢ ᠪᠤᠯᠬᠤᠷ ᠲᠡᠬᠦᠨ ᠤ ᠡᠬᠦᠷᠬᠡᠯᠡᠬᠦ ᠬᠠᠷᠢᠭᠤᠴᠠᠯᠭ᠎ᠠ ᠶᠢ ᠵᠤᠬᠢᠰᠳᠠᠢ ᠪᠠᠷ ᠬᠦᠩᠬᠡᠷᠡᠬᠦᠯᠵᠦ ᠪᠤᠯᠤᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ