ᠨᠠᠰᠤᠵᠢᠯ ᠤᠨ ᠮᠥᠩᠭᠦ ᠠᠪᠬᠤ ᠬᠢᠷᠢ ᠬᠡᠮ ᠤᠨ ᠭᠡᠷᠡᠴᠢᠯᠡᠭᠡ ᠳᠤ ᠬᠤᠯᠪᠣᠭᠳᠠᠨ᠎ᠠ︕ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠢᠭᠰᠡᠨ ᠬᠠᠮᠤᠭ ᠤᠨ ᠰᠢᠨ᠎ᠡ ᠲᠣᠳᠣᠷᠬᠠᠢᠢᠯᠡᠯ
ᠨᠡᠶᠢᠲᠡᠯᠡᠭᠰᠡᠨ ᠴᠠᠭ᠄
2023/2/14
     ᠰᠤᠷᠪᠤᠯᠵᠢᠯᠠᠭᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠡᠯ᠎ᠡ ᠭᠠᠵᠠᠷ ᠤᠨ ᠬᠢᠨ ᠶᠠᠭ 2023 ᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠭᠡᠷᠡᠴᠢᠯᠡᠭᠡ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠵᠦ ᠪᠠᠶᠢᠨ᠎ᠠ᠃ ᠥᠩᠭᠡᠷᠡᠭᠰᠡᠨ ᠵᠢᠯ ᠤᠳ ᠲᠠᠢ ᠠᠳᠠᠯᠢ ᠪᠠᠷ᠂ ᠳᠠᠭᠠᠳᠬᠠᠯ ᠳᠤ ᠣᠷᠣᠯᠴᠠᠭᠰᠠᠳ ᠳᠡᠭᠡᠷ᠎ᠡ ᠤᠳᠠᠭ᠎ᠠ ᠭᠡᠷᠡᠴᠢᠯᠡᠭᠡ ᠬᠢᠯᠭᠡᠭᠰᠡᠨ ᠠᠴᠠ ᠬᠤᠶᠢᠰᠢᠬᠢ 12 ᠰᠠᠷ᠎ᠠ ᠶᠢᠨ ᠲᠤᠳᠤᠷ᠎ᠠ ᠠᠯᠢ ᠨᠢᠭᠡ ᠴᠠᠭ ᠬᠤᠭᠤᠴᠠᠭ᠎ᠠ ᠶᠢ ᠰᠣᠩᠭᠤᠨ ᠭᠡᠷᠡᠴᠢᠯᠡᠭᠡ ᠬᠢᠯᠭᠡᠵᠦ ᠪᠣᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠤᠷᠭᠠᠨ ᠤ ᠳᠡᠳ᠋ ᠳᠠᠷᠤᠭ᠎ᠠ ᠴᠢ ᠲᠤᠤ ᠲᠠᠨᠢᠯᠴᠠᠭᠤᠯᠤᠨ ᠬᠡᠯᠡᠬᠦ ᠳᠡᠭᠡᠨ᠂ ᠨᠠᠰᠤᠲᠠᠶᠢᠴᠤᠳ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠪᠤᠶᠤ ︽ᠭᠠᠷ ᠤᠳᠠᠰᠤᠨ ᠤ 12333︾ ᠵᠡᠷᠭᠡ ᠠᠯᠪᠠᠨ ᠲᠠᠯ᠎ᠠ ᠶᠢᠨ ᠭᠠᠷ ᠤᠲᠠᠰᠤᠨ ᠤ ᠬᠡᠷᠡᠭᠯᠡᠯᠲᠡ ᠪᠠᠷ ᠳᠠᠮᠵᠢᠨ ᠬᠥᠮᠦᠨ ᠤ ᠵᠢᠰᠦ ᠶᠢ ᠢᠯᠭᠠᠨ ᠲᠠᠨᠢᠬᠤ ᠭᠡᠷᠡᠴᠢᠯᠡᠭᠡ ᠬᠢᠯᠭᠡᠵᠦ ᠪᠣᠯᠤᠨ᠎ᠠ︔ ᠬᠢᠯᠢ ᠶᠢᠨ ᠭᠠᠳᠠᠨ᠎ᠠ ᠣᠷᠣᠰᠢᠨ ᠰᠠᠭᠤᠵᠤ ᠪᠠᠶᠢᠪᠠᠯ᠂ ᠪᠠᠰᠠ ᠭᠠᠳᠠᠭᠠᠳᠤ ᠶᠠᠪᠤᠳᠠᠯ ᠤᠨ ᠶᠠᠮᠤᠨ ᠤ ︽ᠳᠤᠮᠳᠠᠳᠤ ᠤᠯᠤᠰ ᠤᠨ ᠺᠤᠨᠰᠦ᠋ᠯ︾ ᠭᠠᠷ ᠤᠲᠠᠰᠤᠨ ᠤ ᠬᠡᠷᠡᠭᠯᠡᠯᠲᠡ ᠪᠠᠷ ᠳᠠᠮᠵᠢᠨ ᠭᠡᠷᠡᠴᠢᠯᠡᠭᠡ ᠬᠢᠯᠭᠡᠵᠦ ᠪᠣᠯᠤᠨ᠎ᠠ︔ ᠥᠨᠳᠥᠷ ᠨᠠᠰᠤᠲᠠᠶ ᠨᠠᠰᠤᠲᠠᠨ ᠪᠠ ᠬᠥᠳᠡᠯᠵᠦ ᠪᠠᠷᠢᠬᠤ ᠳᠤ ᠳᠥᠭᠦᠮ ᠦᠭᠡᠢ ᠣᠨᠴᠠᠭᠠᠶ ᠬᠥᠮᠦᠰ ᠬᠡᠷ ᠲᠤᠨᠢ ᠬᠦᠷᠴᠦ ᠭᠡᠷᠡᠴᠢᠯᠡᠭᠡ ᠬᠢᠯᠭᠡᠬᠦ ᠭᠤᠶᠤᠴᠢᠯᠠᠯ ᠭᠠᠷᠭᠠᠵᠤ ᠪᠣᠯᠤᠨ᠎ᠠ᠂ ᠨᠡᠶᠢᠭᠡᠮ ᠤᠨ ᠳᠠᠭᠠᠳᠬᠠᠯ ᠤᠨ ᠭᠠᠷᠲᠠᠨ ᠬᠦᠢᠴᠡᠳᠭᠡᠬᠦ ᠪᠠᠶᠢᠭᠤᠯᠤᠮᠵᠢ ᠬᠡᠷ ᠲᠤᠨᠢ ᠬᠦᠷᠴᠦ ᠦᠢᠯᠡᠴᠢᠯᠡᠭᠡ ᠬᠠᠩᠭᠠᠨ᠎ᠠ ᠭᠡᠪᠡ᠃
ᠢᠷᠡᠯᠲᠡ᠄ ᠠᠷᠠᠳ ᠤᠨ ᠰᠦᠯᠵᠢᠶ᠎ᠡ