︽ᠲᠦᠢᠯ ᠤᠨ ᠳᠥᠭᠦᠮ︾ ᠬᠢᠨᠠᠨ ᠵᠥᠪᠰᠢᠶᠡᠷᠡᠯ ᠢ ᠬᠡᠷᠡᠭᠵᠢᠭᠦᠯᠵᠦ ︽ᠬᠠᠮᠤᠭ ᠤᠨ ᠲᠦᠳᠡ︾  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠠᠬᠤᠢ ᠶᠢ ᠡᠬᠦᠳᠤᠯ᠎ᠠ
ᠨᠡᠶᠢᠲᠡᠯᠡᠭᠰᠡᠨ ᠴᠠᠭ᠄
2023/2/15
 — ᠣᠷᠳᠣᠰ ᠬᠡᠷᠬᠢᠨ 3 ᠵᠢᠯ ᠳᠠᠷᠠᠭᠠᠯᠠᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠬᠦᠯᠬᠦ ᠲᠠᠯ᠎ᠠ ᠪᠠᠷ ᠪᠦᠬᠦ ᠤᠷᠤᠨ ᠳᠤ ᠲᠦᠷᠦᠬᠦᠯᠡᠭᠰᠡᠨ ᠨᠢᠭᠤᠴᠠ ᠶᠢ ᠳᠠᠶᠢᠯᠬᠤᠢ ①          ︽ᠲᠥᠷᠥ ᠶᠢᠨ ᠪᠣᠳᠣᠯᠭ᠎ᠠ ᠤᠯᠠᠨ ᠲᠦᠮᠠᠨ ᠠᠴᠠ ᠬᠠᠮᠤᠭ ᠤᠨ ᠤᠶᠢᠷ᠎ᠠ᠂ ᠤᠴᠢᠷ ᠶᠠᠪᠤᠳᠠᠯ ᠬᠦᠢᠴᠡᠳᠭᠡᠬᠦ ᠳᠤ ᠬᠠᠮᠤᠭ ᠤᠨ ᠲᠦᠳᠡ᠂ ᠪᠡᠯᠡ ᠣᠷᠣᠭᠤᠯᠤᠯᠲᠠ ᠬᠠᠮᠤᠭ ᠤᠨ ᠠᠮᠤᠷ ᠲᠦᠪᠰᠢᠨ᠂ ᠦᠢᠯᠡᠴᠢᠯᠡᠭᠡ ᠬᠠᠮᠤᠭ ᠤᠨ ᠳᠤᠳᠤᠨᠤ᠂ ᠠᠮᠢᠳᠤᠷᠠᠯ ᠬᠠᠮᠤᠭ ᠤᠨ ᠲᠠᠭᠠᠯᠠᠮᠵᠢᠲᠠᠢ ᠤᠷᠴᠢᠨ ᠢ ᠡᠬᠦᠳᠦᠨ᠎ᠡ︾ — ᠴᠠᠭᠠᠨ ᠰᠠᠷ᠎ᠠ ᠶᠢᠨ ᠳᠠᠷᠠᠭᠠᠬᠢ ᠠᠩᠬᠠᠨ ᠤ ᠬᠤᠷᠠᠯ ᠲᠡᠭᠡᠷ᠎ᠡ ᠣᠷᠳᠣᠰ ᠬᠤᠲᠠ ︽ᠲᠠᠪᠤᠨ ᠬᠠᠮᠤᠭ ᠤᠨ︾ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠬᠦᠯᠬᠦ ᠨᠠᠷᠠᠲᠤ ᠲᠦᠷᠦᠯ ᠲᠡᠮᠳᠡᠭᠳᠦ ᠶᠢ ᠱᠤᠭᠤᠨ᠎ᠠ ᠬᠡᠵᠦ ᠳᠤᠷᠠᠳᠪᠠ᠃ ᠠᠵᠤ ᠠᠬᠤᠶᠢᠯᠠᠯᠲᠠᠨ ᠢ ᠦᠨᠡᠨ ᠬᠦ ᠵᠣᠭᠤᠰ ‍ᠤᠮᠤᠭᠤᠯᠵᠤ᠂ ᠠᠵᠤ ᠠᠬᠤᠶᠢᠯᠠᠯᠲᠠᠨ ᠤ ᠰᠡᠳᠬᠢᠯ ᠢ ᠦᠨᠡᠨ ᠬᠦ ᠲᠤᠭᠳᠠᠪᠤᠷᠢᠵᠢᠭᠤᠯᠤᠨ᠂ ᠠᠵᠤ ᠠᠬᠤᠶᠢᠯᠠᠯᠲᠠᠨ ᠢ ᠦᠨᠡᠨ ᠬᠦ ᠬᠦᠨᠳᠦᠲᠦ ᠵᠣᠴᠢᠨ ᠢᠶᠠᠷ ᠦᠵᠡᠵᠦ᠂ ᠠᠵᠤ ᠠᠬᠤᠶᠢᠯᠠᠯᠲᠠᠨ ᠳᠤ ᠦᠨᠡᠨ ᠬᠦ ᠥᠪᠡᠷ ᠤᠨ ᠭᠡᠷ ᠤᠨ ᠢᠶᠠᠨ ᠬᠥᠮᠥᠨ ᠰᠢᠭ ᠬᠠᠨᠳᠤᠨ᠂ ᠪᠦᠬᠦ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠦᠭᠰᠡᠨ ᠰᠢᠯᠢᠳᠡᠭ ᠬᠤᠳᠠ ᠶᠢ ᠴᠢᠷᠮᠠᠶᠢᠨ ᠡᠭᠦᠳᠬᠦ ᠪᠠᠷ ᠳᠠᠬᠢᠨᠲᠠ ᠦᠷᠭᠦᠯᠵᠢᠯᠡᠨ ᠬᠦᠴᠦᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠳᠤ ᠬᠡᠷᠬᠢᠨ ᠪᠡᠯᠡ ᠣᠷᠣᠭᠤᠯᠤᠭᠴᠢᠳ ᠢ ᠤᠴᠢᠷ ᠶᠠᠪᠤᠳᠠᠯ ᠬᠦᠢᠴᠡᠳᠭᠡᠬᠦ ᠳᠤ ᠬᠠᠮᠤᠭ ᠤᠨ ᠲᠦᠬᠦᠮ ᠲᠦᠳᠡ ᠪᠠᠶᠢᠯᠭᠠᠬᠤ ᠪᠤᠢ︖ ᠣᠷᠳᠣᠰ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠰᠠᠭᠤᠳᠠᠯ ᠤᠨ ᠲᠥᠪᠯᠡᠷᠡᠯ ᠤᠨ ᠴᠡᠭ ᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠳᠤ ᠴᠢᠭᠯᠡᠭᠦᠯᠦᠨ᠂ ᠤᠴᠢᠷ ᠶᠠᠪᠤᠳᠠᠯ ᠭᠦᠢᠴᠡᠳᠭᠡᠬᠦ ᠲᠤᠮᠳᠠᠬᠢ ᠬᠦᠴᠢᠷ ᠲᠦᠪᠡᠭ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠪᠠᠶᠢᠷᠢᠯᠠᠭᠤᠯᠵᠤ᠂ ᠰᠡᠳᠬᠢᠴᠡ ᠪᠠ ᠴᠢᠭᠯᠡᠯ ᠢᠶᠠᠨ ᠲᠣᠳᠣᠷᠬᠠᠶᠢᠯᠠᠨ᠂ ︽ᠲᠦᠢᠯ ᠤᠨ ᠳᠥᠭᠦᠮ︾ ᠬᠢᠨᠠᠨ ᠵᠥᠪᠰᠢᠶᠡᠷᠡᠯ ᠢ ᠰᠤᠳᠤᠯᠤᠨ ᠠᠬᠢᠭᠤᠯᠵᠤ᠂ ᠬᠤᠲᠠ ᠶᠢᠨ ᠵᠠᠰᠠᠭ ᠤᠨ ᠣᠷᠳᠣᠨ ᠤᠷᠢᠳ ᠬᠤᠵᠢᠳ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠬᠠᠪᠰᠤᠷᠤᠨ ᠭᠦᠢᠴᠡᠳᠬᠡᠬᠦ︾ ᠠᠷᠭ᠎ᠠ ᠬᠡᠮᠵᠢᠶ᠎ᠠ ᠢᠢ ᠲᠣᠭᠲᠠᠭᠠᠨ ᠨᠡᠶᠢᠲᠡᠯᠡᠵᠦ᠂ ᠶᠡᠷᠦᠩᠬᠡᠶᠢᠯᠡᠭᠰᠡᠨ ᠴᠣᠩᠬᠤᠪᠴᠢ ᠳᠤ ᠭᠥᠯᠢᠶᠡᠨ ᠠᠪᠴᠤ ᠰᠶᠢᠳᠪᠦᠷᠢᠯᠡᠬᠦ᠂ ᠨᠢᠭᠡ ᠠᠵᠢᠯ ᠲᠥᠷᠥᠯ ᠳᠤ ᠨᠢᠭᠡ ᠦᠨᠡᠮᠯᠡᠯ ᠣᠯᠭᠤᠬᠤ᠂ ᠪᠥᠬᠦ ᠬᠤᠲᠠ ᠳᠤ ᠨᠡᠶᠢᠳᠡᠮ ᠭᠦᠢᠴᠡᠳᠬᠡᠬᠦ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠡᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠵᠢᠭᠦᠯᠵᠦ᠂ ᠪᠥᠬᠦ ᠣᠷᠣᠨ ᠤ ᠠᠩᠬᠠᠳᠠᠭᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠯᠬᠤ ︽ᠣᠷᠳᠣᠰ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠳᠦᠷᠢᠮ︾ ᠢ ᠲᠣᠭᠲᠠᠭᠠᠵᠤ᠂ ︽ᠤᠴᠢᠷ ᠶᠠᠪᠤᠳᠠᠯ ᠬᠦᠢᠴᠡᠳᠭᠡᠬᠦ ᠳᠤ ᠬᠠᠮᠤᠭ ᠤᠨ ᠲᠦᠳᠡ︾ ᠵᠠᠰᠠᠭ ᠤᠨ ᠶᠠᠪᠤᠳᠠᠯ ᠤᠨ ᠣᠷᠴᠢᠨ ᠠᠬᠤᠢ ᠶᠢ ᠪᠤᠢ ᠪᠤᠯᠭᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠢᠩᠬᠢᠵᠦ ᠬᠢᠭᠰᠡᠨ ᠠᠴᠠ ᠣᠷᠳᠣᠰ ᠬᠤᠲᠠ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠦᠨᠡᠯᠡᠯᠲᠡ ᠳᠤ ︽ᠵᠠᠯᠭᠠᠭ᠎ᠠ ᠪᠠᠷ ᠭᠤᠷᠪᠠᠨᠲᠠ ᠮᠠᠩᠯᠠᠶᠢᠯᠠᠭᠰᠠᠨ︾ ᠰᠢᠯᠢᠳᠡᠭ ᠬᠢᠷᠢ ᠪᠦᠲᠦᠮᠵᠢ ᠶᠢ ᠡᠭᠦᠳᠦᠭᠰᠡᠨ ᠪᠠᠶᠢᠨ᠎ᠠ᠃     ᠦᠵᠦ ᠲᠥᠯᠥᠪᠯᠡᠭᠡ ᠬᠢᠵᠦ ᠨᠠᠮ ᠵᠠᠰᠠᠭ ᠤᠨ ᠲᠤᠰᠬᠠᠶ ᠪᠠᠭ ᠥᠨᠳᠥᠷ ᠦᠷ᠎ᠡ ᠪᠦᠲᠦᠮᠵᠢᠲᠡᠶ ᠠᠬᠢᠭᠤᠯᠪᠠ     2022 ᠣᠨ ᠤ 2 ᠰᠠᠷ᠎ᠠ ᠶᠢᠨ 7 ᠤ ᠡᠳᠦᠷ᠂ ᠪᠥᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠰᠠᠨ ᠤ ᠳᠠᠷᠠᠭ᠎ᠠ᠂ ᠣᠷᠳᠣᠰ ᠬᠤᠲᠠ ᠦᠳᠲᠡᠷ ᠲᠦᠷᠭᠡᠨ ᠴᠤᠤᠷᠢᠶᠠᠲᠤᠨ ᠬᠥᠳᠡᠯᠦᠯᠴᠡᠵᠦ᠂ ᠪᠥᠬᠦ ᠬᠤᠲᠠ ᠶᠢᠨ ︽ᠲᠡᠷᠢᠭᠦᠨ ᠤ ᠬᠢ ᠪᠠᠷ ᠪᠠᠷᠢᠮᠵᠢᠶᠠᠯᠠᠵᠤ᠂ ᠨᠡᠬᠡᠨ ᠳᠠᠪᠠᠭ᠋ᠤ ᠪᠠᠷ ᠴᠢᠷᠮᠠᠶᠢᠬᠤ︾ ᠵᠢᠴᠢ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠶᠡᠭᠡ ᠬᠤᠷᠠᠯ ᠢ ᠵᠣᠬᠢᠶᠠᠨ ᠪᠠᠶᠢᠭᠤᠯᠵᠦ ᠬᠤᠷᠠᠯᠳᠤᠭᠤᠯᠵᠦ᠂ ᠣᠷᠳᠣᠰ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠡᠭᠡᠷ᠎ᠡ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠠᠴᠠ ᠣᠯᠭᠤᠭᠰᠠᠨ ᠲᠡᠦᠬᠡᠲᠦ ᠡᠭᠦᠷᠭᠡ ᠶᠢ ᠡᠷᠡᠰ ᠪᠠᠳᠤ ᠡᠭᠦᠷᠭᠡᠯᠡᠵᠦ᠂ ᠣᠷᠳᠣᠰ ᠬᠤᠲᠠ ᠶᠢᠨ ᠣᠷᠣᠰᠢᠵᠤ ᠪᠠᠶᠢᠭ᠎ᠠ ᠴᠠᠭ ᠦᠶ᠎ᠡ ᠶᠢᠨ ᠣᠷᠣᠨ ᠪᠠᠶᠢᠷᠢ ᠪᠠᠨ ᠣᠨᠣᠪᠴᠢᠲᠠᠶ ᠡᠵᠡᠮᠳᠡᠨ᠂ ᠲᠡᠷᠢᠭᠦᠨ ᠤ ᠬᠢ ᠲᠠᠢ ᠬᠠᠷᠭᠤᠭᠤᠯᠵᠤ᠂ ᠥᠨᠳᠥᠷ ᠪᠠᠷᠢᠮᠵᠢᠶ᠎ᠠ ᠲᠣᠭᠲᠠᠭᠠᠨ᠂ ᠳᠤᠲᠠᠭᠤᠳᠠᠯ ᠢᠶᠠᠨ ᠣᠨᠣᠴᠠᠲᠠᠶ ᠡᠷᠢᠵᠤ᠂ ᠲᠡᠷᠢᠭᠦᠨ ᠤ ᠠᠷᠭ᠎ᠠ ᠬᠢᠳᠡᠯ ᠢᠶᠠᠷ ᠲᠤᠯᠢ ᠪᠤᠯᠭᠠᠨ᠂ ᠡᠷᠡᠯᠬᠡᠭᠯᠡᠨ ᠲᠡᠮᠡᠴᠡᠵᠦ ᠰᠢᠨ᠎ᠡ ᠶᠢ ᠡᠭᠦᠳᠴᠦ᠂ ᠨᠡᠩ ᠤᠯᠠᠨ ᠰᠢᠨ᠎ᠡ ᠬᠡᠪ ᠳᠠᠭᠤᠷᠢᠶᠠᠯ ᠢ ᠡᠬᠦᠳᠦᠨ᠎ᠡ ᠬᠡᠵᠦ ᠳᠤᠷᠠᠳᠤᠨ ᠭᠠᠷᠭᠠᠪᠠ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠠᠬᠤᠢ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠠᠵᠢᠯᠯᠠᠭᠠᠨ ᠤ ᠲᠥᠰᠦᠯ︾ ᠢ ᠨᠡᠶᠢᠲᠡᠯᠡᠭᠰᠡᠨ ᠤ ᠳᠠᠷᠠᠭ᠎ᠠ᠂ ᠣᠷᠳᠣᠰ ᠬᠤᠲᠠ ᠲᠠᠷᠦ᠋ᠢᠬᠠᠨ ᠪᠠᠶᠢᠷᠢᠯᠠᠭᠤᠯᠵᠦ᠂ ︽ᠣᠷᠳᠣᠰ ᠬᠤᠲᠠ ᠶᠢᠨ ᠲᠡᠷᠢᠭᠦᠨ ᠤ ᠬᠢ ᠪᠠᠷ ᠪᠠᠷᠢᠮᠵᠢᠶᠠᠯᠠᠵᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠡᠬᠦᠳᠬᠦ ᠠᠵᠢᠯᠯᠠᠭᠠᠨ ᠤ ᠲᠥᠰᠦᠯ ︵500 ᠵᠤᠷᠪᠤᠰ︶︾ ᠢ ᠨᠡᠶᠢᠲᠡᠯᠡᠵᠦ᠂ ᠪᠥᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠪᠥᠬᠦᠶ ᠬᠤᠲᠠ ᠯᠤᠭ᠎ᠠ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ︽ᠬᠠᠮᠤᠭ ᠤᠨ ᠳᠥᠭᠦᠮ︾ ᠬᠢᠨᠠᠨ ᠵᠥᠪᠰᠢᠶᠡᠷᠡᠯ ᠢ ᠬᠡᠷᠡᠭᠵᠢᠭᠦᠯᠬᠦ ᠪᠠᠷ ᠭᠤᠤᠯᠳᠠᠯᠭ᠎ᠠ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠭᠤᠷᠢᠨ ᠳᠤ 100 ᠵᠦᠢᠯ ᠤᠨ ᠠᠷᠭ᠎ᠠ ᠬᠡᠮᠵᠢᠶ᠎ᠡ ᠲᠣᠭᠲᠠᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠤᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠤᠯᠤᠰ ᠤᠨ ᠬᠠᠮᠤᠭ ᠤᠨ ᠰᠢᠯᠢᠳᠡᠭ ᠵᠠᠰᠠᠭ ᠤᠨ ᠶᠠᠪᠤᠳᠠᠯ ᠤᠨ ᠣᠷᠴᠢᠨ ᠠᠬᠤᠢ ᠶᠢ ᠪᠣᠶ ᠪᠣᠯᠭᠠᠪᠠ︔ ︽ᠲᠦᠢᠯ ᠤᠨ ᠰᠢᠯᠢᠳᠡᠭ︾ ᠦᠢᠯᠡᠴᠢᠯᠡᠭᠡ ᠶᠢ ᠴᠢᠩᠭᠠᠳᠬᠠᠬᠤ ᠪᠠᠷ ᠵᠠᠩᠭᠢᠯᠠᠭ᠎ᠠ ᠪᠣᠯᠭᠠᠵᠤ᠂ ᠭᠠᠶᠢᠯᠢ ᠲᠤᠰᠢᠶᠠᠬᠤ ᠵᠡᠷᠭᠡ 10 ᠲᠠᠯ᠎ᠠ ᠪᠠᠷ ᠭᠤᠤᠯᠯᠠᠭᠤᠯᠤᠭᠰᠠᠨ 200 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠥᠪᠡᠷ ᠤᠨ ᠥᠷᠲᠡᠭ ᠢ ᠪᠠᠭᠤᠷᠠᠭᠤᠯᠵᠤ᠂ ᠦᠷ᠎ᠡ ᠠᠰᠢᠭ ᠢ ᠨᠡᠮᠡᠭᠳᠡᠭᠦᠯᠦᠨ᠂ ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠦᠢᠯᠡᠴᠢᠯᠡᠭᠡ ᠶᠢ ᠴᠢᠩᠭᠠᠳᠬᠠᠵᠤ᠂ ᠪᠥᠬᠦ ᠤᠯᠤᠰ ᠤᠨ ᠬᠠᠮᠤᠭ ᠤᠨ ᠰᠢᠯᠢᠳᠡᠭ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠪᠣᠶ ᠪᠤᠯᠭᠠᠪᠠ︔ ︽ᠲᠦᠢᠯ ᠤᠨ ᠣᠨᠣᠪᠴᠢᠲᠠᠢ︾ ᠬᠢᠨᠠᠯᠲᠠ ᠬᠠᠮᠢᠶᠠᠷᠤᠯᠲᠠ ᠶᠢ ᠥᠷᠨᠢᠭᠦᠯᠬᠦ ᠪᠠᠷ ᠠᠷᠭ᠎ᠠ ᠵᠠᠮ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ 5 ᠲᠠᠯ᠎ᠠ ᠶᠢᠨ 100 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠪᠦᠬᠦ ᠤᠯᠤᠰ ᠤᠨ ᠬᠠᠮᠤᠭ ᠤᠨ ᠰᠢᠯᠢᠳᠡᠭ ᠬᠠᠤᠯᠢᠵᠢᠯ ᠤᠨ ᠣᠷᠴᠢᠨ ᠠᠬᠤᠢ ᠶᠢ ᠪᠤᠢ ᠪᠤᠯᠭᠠᠪᠠ︔ ︽ᠲᠦᠢᠯ ᠤᠨ ᠬᠠᠷᠠᠭᠠᠯᠵᠠᠯ︾ ᠤᠨ ᠳᠡᠮᠵᠢᠯᠭᠡ ᠶᠢ ᠴᠢᠩᠭᠠᠳᠬᠠᠬᠤ ᠪᠠᠷ ᠠᠴᠢᠶᠠᠯᠠᠪᠤᠷᠢ ᠪᠣᠯᠭᠠᠵᠤ᠂ ᠪᠠᠭᠲᠠᠭᠠᠮᠵᠢᠲᠠᠶ ᠲᠦᠭᠡᠮᠡᠯ ᠬᠠᠷᠠᠭᠠᠯᠵᠠᠯ ᠦᠵᠡᠭᠦᠯᠬᠦ ᠲᠠᠢ ᠤᠶᠠᠯᠳᠤᠭᠤᠯᠤᠨ 100 ᠵᠤᠷᠪᠤᠰ ᠠᠷᠭ᠎ᠠ ᠬᠡᠮᠵᠢᠶ᠎ᠡ ᠲᠣᠭᠲᠠᠭᠠᠨ᠂ ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠬᠥᠭᠵᠢᠭᠡᠨ᠂ ᠪᠥᠬᠦ ᠤᠯᠤᠰ ᠤᠨ ᠬᠠᠮᠤᠭ ᠤᠨ ᠰᠢᠯᠢᠳᠡᠭ ᠨᠡᠶᠢᠭᠡᠮ ᠤᠨ ᠣᠷᠴᠢᠨ ᠠᠬᠤᠢ ᠶᠢ ᠡᠬᠦᠳᠴᠦ᠂ ᠲᠡᠷᠢᠭᠦᠨ ᠤ ᠬᠢ ᠪᠠᠷ ᠪᠠᠷᠢᠮᠵᠢᠶ᠎ᠠ ᠪᠤᠯᠭᠠᠵᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠡᠭᠦᠳᠬᠦ ᠪᠦᠷᠢᠶ᠎ᠡ ᠶᠢ ᠪᠥᠬᠦ ᠲᠠᠯ᠎ᠠ ᠪᠠᠷ ᠬᠠᠩᠭᠢᠨᠠᠭᠤᠯᠪᠠ᠃ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠨ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠪᠠᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠲᠠ ᠢᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠠ ᠬᠤᠰᠢᠭᠤ ᠲᠣᠭᠤᠷᠢᠭ ᠤᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ 8 ᠲᠤᠰᠬᠠᠶ ᠠᠵᠢᠯ ᠤᠨ ᠳᠤᠭᠤᠶᠢᠯᠠᠩ ᠢ ᠪᠦᠷᠢᠯᠳᠦᠭᠦᠯᠪᠡ᠃ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠶᠢ ᠣᠷᠳᠣᠰ ᠬᠤᠲᠠ ᠶᠢᠨ ᠨᠠᠮ ᠤᠨ ᠬᠤᠷᠢᠶᠠᠨ ᠤ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠶᠢᠯᠡᠭᠰᠡᠨ ᠬᠢᠨᠠᠨ ᠰᠢᠯᠭᠠᠵᠤ ᠦᠨᠡᠯᠡᠬᠦ ᠠᠭᠤᠯᠭ᠎ᠠ ᠳᠤ ᠣᠷᠣᠭᠤᠯᠵᠤ᠂ 9 ᠬᠤᠰᠢᠭᠤ ᠲᠣᠭᠤᠷᠢᠭ ᠪᠠ ᠬᠤᠲᠠ ᠶᠢᠨ 35 ᠰᠢᠭᠤᠳ ᠬᠠᠷᠢᠶ᠎ᠠ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠠᠳᠠᠯᠢ ᠪᠤᠰᠤ ᠡᠭᠦᠷᠭᠡ ᠴᠢᠳᠠᠪᠬᠢ ᠶᠤᠰᠤᠭᠠᠷ ᠬᠤᠶᠠᠷ ᠲᠥᠷᠥᠯ ᠤᠨ ᠪᠠᠷᠢᠮᠵᠢᠶ᠎ᠠ ᠬᠤᠪᠢᠶᠠᠨ ᠬᠢᠨᠠᠨ ᠰᠢᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠠᠷᠢᠭᠤᠴᠠᠯᠭ᠎ᠠ ᠶᠢᠨ ᠬᠡᠯᠬᠢᠶ᠎ᠡ ᠶᠢ ᠦᠨᠡᠨ ᠬᠦ ᠪᠠᠲᠤᠳᠬᠠᠪᠠ᠃     ᠬᠤᠯᠪᠣᠭᠠᠯᠠᠨ ᠬᠢᠨᠠᠨ ᠵᠥᠪᠰᠢᠶᠡᠷᠡᠵᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠪᠡ     2021 ᠣᠨ ᠠᠴᠠ ᠨᠠᠭᠠᠰᠢ᠂ ᠣᠷᠳᠣᠰ ᠬᠤᠲᠠ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ︽ᠲᠦᠷᠦᠯᠵᠢᠭᠦᠯᠦᠭᠰᠡᠨ ᠤᠯᠠᠨ ᠴᠤᠩᠬᠤᠪᠴᠢ︾ ᠶᠢᠨ ᠬᠡᠪ ᠵᠠᠭᠪᠤᠷ ᠠᠴᠠ ᠪᠣᠯᠤᠭᠰᠠᠨ ᠣᠯᠠᠨ ᠲᠦᠮᠡᠨ ᠤ ︽ᠣᠯᠠᠨ ᠲᠠᠶᠢᠰᠢ ᠭᠦᠶᠦᠬᠦ᠂ ᠣᠯᠠᠨ ᠤᠳᠠᠭ᠎ᠠ ᠭᠦᠶᠦᠬᠦ︾ ᠠᠰᠠᠭᠤᠳᠠᠯ ᠢ ᠰᠶᠢᠳᠪᠦᠷᠢᠯᠡᠬᠦ ᠶᠢᠨ ᠲᠦᠯᠦᠭᠡ᠂ ︽ᠡᠮᠦᠨ᠎ᠡ ᠲᠠᠯ᠎ᠠ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠯ᠎ᠠ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠳᠤ ᠲᠦᠷᠦᠭᠦᠯᠡᠨ ᠲᠦᠷᠦᠯ ᠵᠦᠢᠯ ᠢᠯᠭᠠᠯ ᠥᠬᠡᠶ ︽ᠶᠡᠷᠦᠩᠬᠡᠶᠢᠯᠡᠭᠰᠡᠨ ᠴᠣᠩᠬᠤᠪᠴᠢ︾ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠤᠰᠬᠠᠶ ᠣᠷᠣᠨ ᠪᠦᠰᠡ ᠳᠤ ᠬᠦᠷᠢᠶ᠎ᠡ ᠴᠠᠷᠠᠭ᠎ᠠ ᠬᠤᠪᠢᠶᠠᠨ ︽ᠶᠡᠷᠦᠩᠬᠡᠶᠢᠯᠡᠭᠰᠡᠨ ᠴᠣᠩᠬᠤᠪᠴᠢ︾ ᠪᠠᠷ ᠭᠥᠯᠢᠶᠡᠨ ᠠᠪᠴᠤ ᠰᠢᠢᠳᠪᠦᠷᠢᠯᠡᠨ᠂ ︽ᠨᠢᠭᠡ ᠤᠴᠢᠷ ᠶᠠᠪᠤᠳᠠᠯ ᠢ ᠭᠦᠢᠴᠡᠳᠬᠡᠬᠦ ᠳᠤ ᠣᠯᠠᠨ ᠴᠣᠩᠬᠤᠪᠴᠢ ᠳ᠋ᠠᠮᠵᠢᠵᠤ︾ ᠪᠠᠶᠢᠭᠰᠠᠨ ᠢ ︽ᠤᠯᠠᠨ ᠤᠴᠢᠷ ᠶᠠᠪᠤᠳᠠᠯ ᠢ ᠨᠢᠭᠡ ᠯᠡ ᠴᠤᠩᠬᠤᠪᠴᠢ ᠳᠤ ᠭᠦᠢᠴᠡᠳᠬᠡᠬᠦ︾ ᠪᠤᠯᠭᠠᠨ ᠬᠤᠪᠢᠷᠠᠭᠤᠯᠵᠤ᠂ ᠠᠵᠤ ᠠᠬᠤᠶᠢᠯᠠᠯ ᠪᠠ ᠠᠷᠠᠳ ᠤᠯᠠᠨ ᠤ ᠤᠴᠢᠷ ᠶᠠᠪᠤᠳᠠᠯ ᠭᠦᠢᠴᠡᠳᠬᠡᠬᠦ ᠳᠤ ᠨᠡᠩ ᠳᠦᠭᠦᠮ ᠳᠦᠳᠡ ᠪᠤᠯᠭᠠᠪᠠ᠃ ᠣᠳᠣᠬᠠᠨ ᠳᠤ᠂ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠤᠯᠪᠠ᠃ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ 14089 ᠵᠦᠢᠯᠡᠰ ᠢ ᠶᠡᠭᠡ ᠲᠢᠩᠬᠢᠮ ᠳᠤ ᠣᠷᠣᠭᠤᠯᠵᠤ᠂ ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠵᠦ︾᠂ ︽ᠶᠡᠭᠡ ᠲᠢᠩᠬᠢᠮ ᠳᠤ ᠯᠡ ᠬᠢᠨᠠᠨ ᠵᠥᠪᠰᠢᠶᠡᠷᠡᠬᠦ︾ ᠪᠤᠯᠪᠠ᠃ ︽ᠶᠡᠷᠦᠩᠬᠡᠶᠢᠯᠡᠭᠰᠡᠨ ᠴᠣᠩᠬᠤᠪᠴᠢ︾ ᠢᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠲᠠ ᠶᠢᠨ 13880 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠶᠡᠷᠦᠩᠬᠡᠶᠢᠯᠡᠭᠰᠡᠨ ᠴᠣᠩᠬᠤᠪᠴᠢ︾ ᠳᠤ ᠭᠥᠯᠢᠶᠡᠨ ᠠᠪᠴᠤ ᠰᠢᠢᠳᠪᠦᠷᠢᠯᠡᠨ᠂ ᠭᠥᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ ᠨᠢ 100% ᠳᠤ ᠬᠦᠷᠴᠦ᠂ ᠶᠡᠷᠦᠩᠬᠡᠶᠢᠯᠡᠭᠰᠡᠨ ᠴᠣᠩᠬᠤᠪᠴᠢ ᠶᠢᠨ ᠰᠢᠰᠲ᠋ᠧᠮ ᠤᠨ ᠭᠦᠢᠴᠡᠳᠭᠡᠭᠰᠡᠨ ᠵᠦᠢᠯᠡᠰ 128.6 ᠲᠦᠮᠡᠨ ᠬᠤᠪᠢ ᠳᠤ ᠬᠦᠷᠴᠤ᠂ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃      2022 ᠣᠨ ᠤ 12 ᠰᠠᠷ᠎ᠠ ᠶᠢᠨ 1 ᠤ ᠡᠳᠦᠷ᠂ ᠭᠤᠷᠪᠠᠨ ᠬᠠᠪᠴᠢᠯ ᠪᠦᠯᠦᠭᠯᠡᠯ ᠠᠴᠠ ᠪᠡᠯᠡ ᠣᠷᠣᠭᠤᠯᠤᠭᠰᠠᠨ ᠬᠥᠪᠴᠢ ᠶᠢᠨ ᠭᠡᠷᠡᠯ ᠤᠰᠤᠲᠥ᠋ᠷᠥᠭᠴᠢ ᠪᠠᠷ ᠡᠯᠡᠰᠦ ᠶᠢ ᠵᠠᠰᠠᠬᠤ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠲᠤᠬᠠᠢ ᠶᠢᠨ ᠡᠳᠦᠷ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠳᠤ ᠣᠷᠣᠯᠴᠠᠵᠠᠢ᠃ ᠣᠷᠳᠣᠰ ᠬᠤᠲᠠ ᠢᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠥᠪᠯᠡᠷᠡᠭᠦᠯᠦᠨ ᠬᠥᠳᠡᠯᠦᠯᠴᠡᠵᠦ ᠬᠢᠨᠠᠨ ᠵᠥᠪᠰᠢᠶᠡᠷᠡᠬᠦ ᠲᠠᠰᠤᠭ ᠲᠤ᠂ ᠲᠥᠷᠥᠯ ᠵᠦᠢᠯ ᠤᠨ ᠬᠠᠷᠢᠭᠤᠴᠠᠯᠭᠠᠲᠠᠨ ᠼᠠᠢ ᠯᠢ ᠭᠦᠸᠧ ᠥᠪᠥᠷ ᠮᠣᠩᠭᠤᠯ ᠤᠨ ᠪᠠᠷᠠᠭᠤᠨ ᠬᠡᠰᠡᠭ ᠤᠨ ᠰᠠᠭᠤᠷᠢᠨ ᠤ ᠬᠥᠪᠴᠢ ᠶᠢᠨ 200 ᠲᠦᠮᠡᠨ ᠺᠢᠯᠦᠸᠠᠲ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠢᠶᠠᠨ ᠤᠷᠤᠭᠰᠢᠲᠠᠶ ᠪᠠᠷ ᠬᠢᠵᠦ ᠠᠪᠤᠪᠠ᠃ ᠼᠠᠢ ᠯᠢ ᠭᠦᠸᠧ᠄ ︽ᠤᠷᠳᠤᠰ ᠤᠨ ᠬᠤᠳᠠ᠂ ᠬᠤᠰᠢᠭᠤ ᠬᠤᠶᠠᠷ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠶ᠊ ᠡᠶ᠎ᠡ ᠪᠢᠳᠠᠨ ᠲᠠᠢ ᠢᠳᠡᠪᠬᠢᠲᠡᠢ ᠵᠣᠯᠭᠠᠭᠤᠯᠵᠤ᠂ ᠤᠤᠯ ᠨᠢ 10 ᠡᠳᠦᠷ ᠤᠨ ᠬᠢᠨᠠᠨ ᠪᠠᠶᠢᠴᠠᠭᠠᠯᠲᠠ ᠶᠢᠨ ᠬᠤᠭᠤᠴᠠᠭ᠎ᠠ ᠬᠡᠷᠡᠭᠰᠡᠵᠦ ᠪᠠᠶᠢᠬᠰᠠᠨ ᠢ ᠭᠤᠷᠪᠠᠭ᠋ᠠᠨ ᠡᠳᠦᠷ ᠲᠤ ᠪᠡᠶᠡᠯᠡᠭᠦᠯᠵᠦ᠂ ᠬᠠᠭᠠᠰ ᠡᠳᠦᠷ ᠲᠤ ᠭᠠᠷᠳᠠᠮ ᠢ ᠬᠢᠵᠦ ᠳᠠᠭᠤᠰᠬᠠᠵᠠᠢ᠂ ᠡᠶᠢᠮᠦ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠠᠵᠤ ᠠᠬᠤᠶᠢᠯᠠᠯ ᠤᠨ ᠨᠡᠩ ᠰᠠᠶᠢᠨ ᠬᠥᠭᠵᠢᠯᠳᠡ ᠶᠢ ᠠᠭᠢᠭᠤᠯᠬᠤ ᠳᠤ ᠢᠲᠡᠭᠡᠯ ᠲᠡᠬᠦᠯᠳᠡᠷ ᠪᠣᠯᠭᠠᠵᠠᠢ︾ ᠭᠡᠵᠦ ᠶᠠᠷᠢᠨ᠎ᠠ᠃ ᠲᠣᠬᠠᠢ ᠶᠢᠨ ᠡᠳᠦᠷ ᠤᠨ ᠲᠥᠪᠯᠡᠷᠡᠭᠦᠯᠦᠨ ᠬᠥᠳᠡᠯᠦᠯᠴᠡᠵᠦ ᠬᠢᠨᠠᠨ ᠵᠥᠪᠰᠢᠶᠡᠷᠡᠬᠦ ᠬᠤᠷᠠᠯ ᠢᠶᠠᠷ ᠳᠠᠮᠵᠢᠭᠤᠯᠤᠨ᠂ ᠬᠤᠲᠠ ᠶᠢᠨ ᠱᠠᠲᠤᠨ ᠤ 29 ᠲᠥᠷᠥᠯ ᠵᠦᠢᠯ᠂ ᠬᠤᠰᠢᠭᠤ ᠲᠣᠭᠤᠷᠢᠭ ᠤᠨ 120 ᠲᠥᠷᠥᠯ ᠵᠦᠢᠯ ᠤᠨ ᠭᠠᠷᠳᠠᠮ ᠢ ᠲᠤᠬᠠᠶ ᠶᠢᠨ ᠲᠠᠯᠠᠪᠠᠢ ᠳᠤ ᠲᠥ᠋ᠪᠯᠡᠷᠡᠭᠦᠯᠦᠨ ᠭᠦᠢᠴᠡᠳᠭᠡᠵᠦ ᠳᠠᠭᠤᠰᠬᠠᠪᠠ᠃     ᠣᠷᠳᠣᠰ ᠬᠤᠲᠠ ᠲᠥᠪᠯᠡᠷᠡᠭᠦᠯᠦᠨ ᠬᠥᠳᠡᠯᠦᠯᠴᠡᠵᠦ ᠬᠢᠨᠠᠨ ᠵᠥᠪᠰᠢᠶᠡᠷᠡᠬᠦ᠂ ᠪᠦᠬᠦ ᠲᠡᠰ ᠲᠠᠷᠠᠭᠠᠯᠠᠯ ᠤᠨ ᠦᠢᠯᠡᠴᠢᠯᠡᠭᠡ ᠬᠠᠩᠭᠠᠬᠤ ᠪᠠᠷ ᠳᠠᠮᠵᠢᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠣᠳᠣᠬᠠᠨ ᠳᠤ᠂ ᠪᠥᠬᠦ ᠬᠤᠲᠠ ᠶᠢᠨ 6.74 ᠲᠦᠮᠡᠨ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠴᠥᠮ ᠪᠠᠷᠢᠮᠵᠢᠶᠠᠵᠢᠭᠰᠠᠨ ᠨᠠᠷᠢᠨ ᠲᠠᠩᠰᠠ ᠬᠢᠵᠦ᠂ 75.6% ᠶᠢ ᠨᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠵᠦ︾᠂ 63.98% ᠢᠢᠨ ᠵᠦᠢᠯᠡᠰ ᠢ ᠪᠥᠬᠦ ᠲᠡᠰ ᠲᠠᠷᠠᠭᠠᠯᠠᠯ ᠢᠶᠠᠷ ᠠᠯᠠᠭᠠᠨ ᠳᠡᠭᠡᠷ᠎ᠡ ᠭᠦᠢᠴᠡᠳᠭᠡᠵᠡᠢ᠃ 298 ᠵᠦᠢᠯ ᠤᠨ ︽ᠨᠢᠭᠡ ᠤᠴᠢᠷ ᠶᠠᠪᠤᠳᠠᠯ︾  ᠢ ︽ᠨᠢᠭᠡ ᠯᠡ ᠤᠳᠠᠭ᠎ᠠ ᠳᠤ ᠭᠦᠢᠴᠡᠳᠭᠡᠵᠦ︾᠂ ᠳᠤᠮᠳᠠᠴᠢ ᠪᠠᠷ ᠪᠢᠴᠢᠭ ᠮᠠᠲ᠋ᠧᠷᠢᠶᠠᠯ ᠢ 45% ᠪᠠᠷ ᠴᠤᠮᠬᠠᠳᠬᠠᠵᠦ᠂ ᠴᠠᠭ ᠢ 87% ᠪᠠᠷ ᠪᠤᠭᠤᠨᠢᠰᠬᠠᠵᠦ᠂ ᠭᠤᠭᠴᠤᠭ᠎ᠠ ᠶᠢ 59% ᠪᠠᠷ ᠬᠠᠰᠤᠵᠤ᠂ ᠭᠦᠶᠦᠬᠦ ᠬᠡᠮᠵᠢᠶ᠎ᠠ ᠶᠢ 79% ᠪᠠᠷ ᠪᠠᠭᠠᠰᠬᠠᠵᠤ᠂ ᠦᠢᠯᠡᠴᠢᠯᠡᠬᠦ ᠴᠢᠳᠠᠪᠤᠷᠢ ᠶᠢᠨ ᠲᠠᠰ ᠪᠠ ᠤᠴᠢᠷ ᠶᠠᠪᠤᠳᠠᠯ ᠭᠦᠢᠴᠡᠳᠭᠡᠬᠦ ᠲᠦᠷᠦᠭᠳᠡᠯ ᠢᠯᠡᠳᠲᠡ ᠰᠠᠶᠢᠵᠢᠷᠠᠪᠠ᠃     ᠦᠢᠯᠡᠴᠢᠯᠡᠭᠡ ᠶᠢ ᠤᠷᠳᠤᠰᠬᠠᠵᠤ ᠵᠠᠰᠠᠭ ᠤᠨ ᠶᠠᠪᠤᠳᠠᠯ ᠤᠨ ᠣᠷᠴᠢᠨ ᠠᠬᠤᠢ ᠶᠢ ︽ᠡᠴᠦᠰ ᠤᠨ ᠨᠢᠭᠡ ᠺᠢᠯᠣᠮᠧᠲᠷ︾ ᠢ ᠰᠢᠯᠢᠳᠡᠭᠵᠢᠭᠦᠯᠪᠡ     ᠣᠷᠳᠣᠰ ᠬᠤᠲᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠᠷ ᠭᠤᠤᠯ ᠪᠣᠯᠭᠠᠵᠤ᠂ ︽ᠲᠥᠷᠥᠯ ᠵᠦᠢᠯ ᠢᠶᠠᠷ ᠭᠤᠤᠯᠳᠠᠭᠤᠯᠬᠤ︾  ᠶᠢ ᠪᠠᠷᠢᠮᠲᠠᠯᠠᠨ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ ᠡᠬᠡ ᠲᠠᠩᠰᠠ ᠶᠢ ᠪᠠᠶᠢᠭᠤᠯᠵᠤ᠂ ᠣᠷᠣᠯᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ 393 ᠠᠵᠢᠯᠲᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ︽ᠲᠤᠬᠠᠶ ᠢᠢᠨ ᠲᠠᠯᠠᠪᠠᠶ ᠳᠤ ᠣᠷᠣᠭᠤᠯᠬᠤ᠂ ᠲᠥᠷᠥ ᠶᠢᠨ ᠪᠣᠳᠣᠯᠭ᠎ᠠ ᠬᠦᠷᠭᠡᠬᠦ᠂ ᠠᠵᠢᠯ ᠡᠬᠢᠯᠡᠭᠦᠯᠬᠦ ᠶᠢ ᠠᠬᠢᠭᠤᠯᠬᠤ︾ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠠᠰᠠᠭᠤᠳᠠᠯ ᠢ ᠨᠢᠭᠤᠷᠳᠠᠨ ᠰᠢᠢᠳᠪᠦᠷᠢᠯᠡᠵᠦ ᠥᠭᠪᠡ᠃ ᠪᠦᠬᠦ ᠬᠤᠲᠠ ᠳᠤ ︽ᠬᠠᠪᠰᠤᠷᠤᠨ ᠭᠦᠢᠴᠡᠳᠭᠡᠬᠦ︾ 22 ᠴᠣᠩᠬᠤᠪᠴᠢ ᠪᠠ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ 12 ᠲᠤᠰᠬᠠᠶ ᠲᠣᠭᠤᠷᠢᠭ ᠲᠤᠬᠢᠷᠠᠭᠤᠯᠤᠨ᠂ ᠨᠡᠭᠡᠭᠡᠯᠲᠡ ᠶᠢᠨ ᠤᠷᠤᠨ ᠪᠠ ᠬᠦᠷᠢᠶᠡᠯᠡᠩ ᠲᠣᠭᠤᠷᠢᠭ ᠲᠤ ᠣᠷᠣᠯᠠᠨ ᠭᠦᠢᠴᠡᠳᠭᠡᠬᠦ ᠴᠡᠭ ᠨᠡᠮᠡᠵᠦ᠂ 12345 ︽ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠴᠤᠩᠬᠤᠪᠴᠢ︾ ᠲᠤᠬᠢᠷᠠᠭᠤᠯᠵᠦ᠂ ︽ᠬᠠᠪᠰᠤᠷᠤᠨ ᠭᠦᠢᠴᠡᠳᠭᠡᠬᠦ︾ ᠯᠠᠪᠯᠠᠭ᠎ᠠ  ᠶᠢᠨ ᠤᠲᠠᠰᠤ ᠶᠢ ᠨᠡᠶᠢᠲᠡᠯᠡᠵᠦ᠂ ︽ᠲᠠ ᠤᠴᠢᠷ ᠲᠠᠢ ᠪᠣᠯ ᠪᠢ ᠬᠠᠪᠰᠤᠷᠤᠨ᠎ᠠ︾ ᠭᠡᠬᠦ ᠵᠢᠷᠬᠢᠶ᠎ᠠ ᠶᠢᠨ ᠣᠯᠠᠨ ᠨᠡᠶᠢᠲᠡ ᠶᠢᠨ ᠲᠠᠪᠴᠠᠩ ᠤᠨ ᠲᠤᠰᠬᠠᠶ ᠪᠤᠯᠤᠩ ᠢ ᠨᠡᠭᠡᠭᠡᠪᠡ᠃ 2022 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠬᠤᠲᠠ ᠶᠢᠨ ᠰᠢᠨ᠎ᠡ ᠪᠠᠷ ᠪᠦᠲᠦᠬᠡᠨ ᠪᠠᠶᠢᠭᠤᠯᠤᠭᠰᠠᠨ ᠪᠠᠯᠠ ᠣᠷᠣᠭᠤᠯᠤᠯᠲᠠ ᠶᠢᠨ 358 ᠭᠤᠤᠯᠳᠠᠯᠭ᠎ᠠ ᠲᠠᠢ ᠲᠥᠷᠥᠯ ᠵᠦᠢᠯ ᠳᠤ ︽ᠬᠠᠪᠰᠤᠷᠤᠨ ᠭᠦᠢᠴᠡᠳᠭᠡᠬᠦ︾ ᠦᠢᠯᠡᠴᠢᠯᠡᠭᠡ ᠥᠷᠨᠢᠭᠦᠯᠵᠦ᠂ ᠲᠥᠷᠥᠯ ᠵᠦᠢᠯ ᠤᠨ ᠪᠠᠯᠠ ᠣᠷᠣᠭᠤᠯᠤᠯᠲᠠ ᠨᠢ 374.3 ᠳ᠋ᠦᠩᠰᠢᠭᠤᠷ ᠲᠥᠭᠦᠷᠢᠭ ᠲᠤ ᠬᠦᠷᠴᠦ᠂ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠲᠦᠷᠦᠯ ᠵᠦᠢᠯ 1694 ᠪᠠᠶᠢᠵᠤ᠂ 1391 ᠵᠦᠢᠯᠡᠰ ᠢ ᠨᠢ ᠨᠢᠭᠡᠨᠲᠡ ᠭᠦᠢᠴᠡᠳᠭᠡᠵᠦ ᠳᠠᠭᠤᠰᠬᠠᠪᠠ᠃     ᠣᠷᠳᠣᠰ ᠬᠤᠲᠠ ᠲᠤᠭᠠᠵᠢᠭᠤᠯᠤᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠲᠣᠭᠠᠵᠢᠭᠤᠯᠤᠯᠳᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠲᠦᠢᠯ ᠤᠨ ᠳᠥᠭᠦᠮ ᠬᠢᠨᠠᠨ ᠵᠥᠪᠰᠢᠶᠡᠷᠡᠯ ᠢ ᠭᠦᠨᠵᠡᠭᠡᠶ ᠬᠡᠷᠡᠭᠵᠢᠭᠦᠯᠤᠨ᠂ ᠳᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠪᠥᠬᠦ ᠬᠤᠲᠠ ᠳᠤ ︽ᠮᠥᠩᠬᠡ ᠰᠤᠪᠠᠭ · ᠣᠷᠳᠣᠰ ᠰᠤᠪᠠᠭ︾ ᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠳᠦ ᠶᠢᠨ ᠳᠦᠷᠢ ᠲᠥᠷᠬᠦ ᠶᠢ ᠱᠤᠭᠤᠵᠤ᠂ ᠣᠶᠤᠨᠴᠢ ᠥᠨᠳᠥᠷ ᠪᠦᠲᠦᠮᠵᠢᠲᠡᠶ ᠲᠡᠷᠢᠭᠦᠨ ᠵᠡᠷᠭᠡ  ᠶᠢᠨ ᠵᠠᠰᠠᠭ ᠤᠨ ᠶᠠᠪᠤᠳᠠᠯ ᠤᠨ ᠣᠷᠴᠢᠨ ᠠᠬᠤᠢ ᠶᠢ ᠪᠣᠶ ᠪᠣᠯᠭᠠᠨ᠂ ᠪᠥᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠤᠯᠭᠠᠭᠤᠷᠢᠯᠠᠭᠴᠢ᠂ ᠳᠠᠭᠠᠭᠤᠯᠤᠭᠴᠢ ᠪᠣᠯᠵᠣ᠂ ᠵᠠᠰᠠᠭ ᠤᠨ ᠶᠠᠪᠤᠳᠠᠯ ᠤᠨ ᠣᠷᠴᠢᠨ ᠠᠬᠤᠢ ᠶᠢᠨ ᠰᠠᠭᠤᠷᠢ ᠶᠢ ᠪᠠᠬᠢᠵᠢᠬᠦᠯᠬᠦ ᠪᠠᠷ ᠴᠢᠷᠮᠠᠶᠢᠵᠦ ᠪᠠᠶᠢᠨ᠎ᠠ᠃
ᠢᠷᠡᠯᠲᠡ᠄ ᠤᠷᠳᠤᠰ ᠮᠤᠩᠭᠤᠯ ᠰᠦᠯᠵᠢᠶ᠎ᠡ