ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ  ᠳᠠᠯᠠᠳ ᠬᠤᠰᠢᠭᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ   
ᠨᠡᠶᠢᠲᠡᠯᠡᠭᠰᠡᠨ ᠴᠠᠭ᠄
2023/2/2
     1 ᠰᠠᠷ᠎ᠠ ᠶᠢᠨ 30 ᠤ ᠡᠳᠤᠷ ᠤᠨ ᠦᠳᠡ ᠶᠢᠨ ᠡᠮᠦᠨ᠎ᠡ᠂ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠢᠶ᠎ᠠ ᠪᠠᠭᠰᠢ ᠲᠤᠭᠤᠷᠢᠭ ᠲᠤ ᠬᠤᠷᠠᠯᠳᠤᠪᠠ᠃   

全市招商引资大会.png

  

       ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠤᠷᠤᠯᠴᠠᠭᠰᠠᠨ ᠤ ᠬᠠᠮᠳᠤ ᠶᠠᠷᠢᠶ᠎ᠠ ᠲᠠᠯᠪᠢᠵᠠᠢ᠃

      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ

ᠲᠡᠷᠢᠭᠦᠯᠡᠭᠴᠢ ᠰᠤ᠋ ᠵᠥᠩ ᠱᠧᠩ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃

      ᠯᠢ ᠯᠢ᠂ ᠣᠳᠣᠬᠢᠴᠢᠯᠠᠭᠰᠠᠨ ᠤᠷᠳᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠦᠨᠳᠦᠰᠤᠨ ᠳᠡᠭᠡᠨ ᠠᠵᠤ ᠦᠢᠯᠡᠳᠪᠦᠷᠢ ᠶᠢᠨ ᠠᠵᠤ

ᠠᠬᠤᠢ ᠳᠤ ᠲᠦᠰᠢᠭᠯᠡᠨ᠎ᠡ᠂ ᠵᠠᠩᠭᠢᠯᠠᠭ᠎ᠠ ᠨᠢ ᠲᠦᠷᠦᠯ ᠵᠦᠢᠯ ᠤᠨ ᠪᠡᠯᠡ ᠣᠷᠣᠭᠤᠯᠤᠯᠲᠠ ᠳᠤ ᠪᠠᠶᠢᠵᠤ᠂ ᠰᠠᠭᠤᠷᠢ ᠨᠢ ᠬᠤᠳᠠᠯᠳᠤᠭ᠎ᠠ ᠡᠷᠬᠢᠯᠡᠬᠦ ᠣᠷᠴᠢᠨ ᠠᠬᠤᠢ ᠳᠤ

ᠪᠤᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠭᠡᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠠᠷᠠᠯᠵᠢᠶᠠᠴᠢᠨ ᠤᠷᠢᠬᠤ᠂

ᠠᠵᠤ ᠦᠢᠯᠡᠳᠪᠦᠷᠢ ᠶᠢ ᠬᠦᠴᠦᠷᠬᠡᠭᠵᠢᠭᠦᠯᠬᠦ᠂ ᠣᠷᠴᠢᠨ ᠠᠬᠤᠢ ᠶᠢ ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠳᠬᠤᠨ᠂ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠦᠨᠢᠳᠡ ᠶᠢᠨ ᠬᠥᠳᠡᠯᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠪᠡ᠃

      ᠯᠢ ᠯᠢ᠂ ︽ᠠᠷᠠᠯᠵᠢᠶ᠎ᠠ ᠮᠠᠶᠢᠮᠠᠶ ᠶᠢ ᠬᠦᠰᠡᠬᠦ ᠨᠢ ᠤᠮᠳᠠᠭᠠᠰᠬᠤ ᠮᠡᠲᠦ︾ ᠪᠠᠶᠢᠳᠠᠯ ᠢ ᠪᠠᠲᠤᠯᠠᠬᠤ ᠬᠡᠷᠡᠭᠲᠡᠶ᠂ ᠶᠡᠷᠦᠩᠬᠡᠶ ᠬᠡᠮᠵᠢᠶ᠎ᠡ᠂ ᠶᠠᠰᠤ ᠴᠢᠨᠠᠷ᠂

ᠬᠡᠪᠴᠢᠶᠡᠵᠢᠯ ︽ᠭᠤᠷᠪᠠᠨ ᠳᠠᠯ᠎ᠠ ᠶᠢ ᠵᠡᠷᠭᠡ ᠪᠠᠷ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠨ᠂ ᠭᠡᠷ᠎ᠡ ᠲᠣᠭᠲᠠᠬᠤ ᠶᠢ ᠴᠢᠬᠤᠯᠠᠴᠢᠯᠠᠭᠠᠳ ᠨᠠᠶᠢᠳᠠᠪᠤᠷᠢᠵᠢᠭᠤᠯᠬᠤ ᠶᠢ

ᠬᠥᠩᠭᠡᠪᠴᠢᠯᠡᠬᠦ᠂ ᠲᠤᠭ᠎ᠠ ᠬᠡᠮᠵᠢᠶ᠎ᠡ ᠶᠢ ᠴᠢᠬᠤᠯᠠᠴᠢᠯᠠᠭᠠᠳ ᠶᠠᠰᠤ ᠴᠢᠨᠠᠷ ᠢ ᠬᠥᠩᠭᠡᠪᠴᠢᠯᠡᠬᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢ ᠴᠢᠬᠤᠯᠠᠴᠢᠯᠠᠭᠠᠳ

ᠬᠦᠢᠴᠡᠳᠭᠡᠬᠦ ᠶᠢ ᠬᠦᠩᠭᠡᠪᠴᠢᠯᠡᠬᠦ᠂ ᠠᠵᠢᠯ ᠡᠬᠢᠯᠡᠭᠦᠯᠬᠦ ᠶᠢ ᠴᠢᠬᠤᠯᠠᠴᠢᠯᠠᠭᠠᠳ ᠪᠦᠳᠦᠭᠡᠨ ᠪᠠᠶᠢᠭᠤᠯᠤᠯᠲᠠ ᠶᠢ ᠬᠥᠩᠭᠡᠪᠴᠢᠯᠡᠬᠦ᠂ ᠠᠷᠠᠯᠵᠢᠶᠠᠴᠢᠨ ᠤᠷᠢᠬᠤ ᠶᠢ

ᠴᠢᠬᠤᠯᠠᠴᠢᠯᠠᠭᠠᠳ ᠦᠢᠯᠡᠴᠢᠯᠡᠭᠡ ᠶᠢ ᠬᠥᠩᠭᠡᠪᠴᠢᠯᠡᠬᠦ᠂ ᠭᠠᠳᠠᠭᠠᠳᠤ ᠠᠴᠠ ᠣᠷᠣᠭᠤᠯᠬᠤ ᠶᠢ ᠴᠢᠬᠤᠯᠠᠴᠢᠯᠠᠭᠠᠳ ᠤᠷᠤᠨ ᠨᠤᠳᠤᠭ ᠢ ᠬᠥᠩᠭᠡᠪᠴᠢᠯᠡᠬᠦ ︽ᠵᠢᠷᠭᠤᠭᠠᠨ

ᠵᠦᠢᠯ ᠤᠨ ᠦᠵᠡᠭᠳᠡᠯ︾ ᠢ ᠡᠷᠡᠰ ᠠᠷᠢᠯᠭᠠᠵᠤ᠂ ᠦᠨᠳᠦᠷ ᠪᠠᠷᠢᠮᠵᠢᠶ᠎ᠠ ᠪᠠᠷ ᠠᠷᠠᠯᠵᠢᠶᠠᠴᠢᠨ ᠤᠷᠢᠬᠤ᠂ ᠡᠭᠦᠳᠡ ᠲᠣᠭᠰᠢᠵᠤ ᠠᠷᠠᠯᠵᠢᠶᠠᠴᠢᠨ ᠤᠷᠢᠬᠤ᠂ ᠠᠵᠤ

ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠲᠠᠪᠴᠠᠩ ᠢᠶᠠᠷ ᠠᠷᠠᠯᠵᠢᠶᠠᠴᠢᠨ ᠤᠷᠢᠬᠤ᠂ ᠴᠢᠳᠠᠪᠤᠷᠢᠲᠠᠨ ᠤᠷᠢᠵᠦ ᠤᠶᠤᠨ ᠢ ᠨᠢᠭᠳᠠᠷᠠᠭᠤᠯᠬᠤ ︽ᠲᠠᠪᠤᠨ

ᠵᠦᠢᠯ ᠤᠨ ᠠᠷᠭ᠎ᠠ ᠮᠠᠶ᠋ᠢᠭ︾  ᠢ ᠰᠠᠶᠢᠲᠤᠷ ᠪᠦᠭᠡᠳ ᠭᠦᠢᠴᠡᠳ ᠬᠡᠷᠡᠭᠯᠡᠨ᠂ ᠠᠷᠠᠯᠵᠢᠶᠠᠴᠢᠨ ᠤᠷᠢᠬᠤ ᠶᠡᠭᠡ ᠰᠢᠪᠲᠤᠯᠤᠯᠲᠠ ᠪᠠᠷ ᠠᠵᠤ ᠠᠬᠤᠶ ᠶᠢᠨ ᠶᠠᠰᠤ ᠴᠢᠨᠠᠷ ᠢ

ᠶᠡᠭᠡ ᠪᠠᠷ ᠳᠡᠭᠡᠭᠰᠢᠯᠡᠭᠦᠯᠬᠦ ᠶᠢ ᠲᠠᠶᠢᠴᠢᠯᠠᠬᠤ ᠬᠡᠷᠡᠭᠲᠠᠢ᠃ ᠬᠤᠶᠠᠳᠤᠭᠠᠷ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠦᠢᠯᠡᠳᠬᠦᠨ ᠤ ᠦᠷᠳᠡᠭ ᠤᠨ

ᠬᠡᠪᠴᠢᠶ᠎ᠡ ᠶᠢ ᠶᠡᠭᠡ ᠪᠠᠷ ᠳᠡᠭᠡᠭᠰᠢᠯᠡᠭᠦᠯᠬᠦ ᠶᠢ ᠠᠬᠢᠭᠤᠯᠤᠨ᠂ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠥᠷᠭᠡᠳᠭᠡᠵᠦ ᠬᠤᠷᠳᠤᠴᠠ ᠶᠢ ᠨᠡᠮᠡᠭᠳᠡᠭᠦᠯᠬᠦ ᠶᠢ ᠠᠬᠢᠭᠤᠯᠵᠤ᠂

ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠲᠦᠷᠭᠡᠨ ᠤᠷᠤᠭᠰᠢᠯᠠᠬᠤ ᠳᠠᠷᠤᠪᠴᠢ ᠶᠢ ᠳᠠᠷᠤᠵᠤ᠂ ᠬᠥᠲᠥᠴᠢ ᠳᠠᠭᠠᠭᠤᠯᠤᠭᠴᠢ ᠶᠢᠨ ᠬᠦᠴᠦᠷᠬᠡᠭ ᠰᠣᠷᠢᠨᠵᠢᠨ

ᠣᠷᠣᠨ ᠢ ᠴᠣᠭᠴᠠᠯᠠᠨ᠂ ᠬᠦᠷᠢᠶᠡᠯᠡᠩ ᠲᠣᠭᠤᠷᠢᠭ ᠤᠨ ᠦᠷ᠎ᠡ ᠠᠰᠢᠭ ᠢ ᠳᠡᠭᠡᠭᠰᠢᠯᠡᠭᠦᠯᠬᠦ ᠬᠥᠳᠡᠯᠭᠡᠬᠦ ᠬᠦᠴᠦᠨ ᠢ ᠬᠥᠭᠵᠢᠭᠡᠵᠦ᠂ ᠪᠠᠷᠠᠭᠤᠨ ᠣᠷᠣᠨ ᠤ ᠬᠠᠮᠤᠭ ᠤᠨ

ᠬᠦᠴᠦᠷᠬᠡᠭ ᠠᠵᠤ ᠦᠢᠯᠡᠳᠪᠦᠷᠢ ᠶᠢᠨ ᠬᠤᠳᠠ ᠶᠢ ᠴᠣᠭᠴᠠᠯᠠᠬᠤ ᠬᠡᠷᠡᠭᠲᠡᠢ᠃ ᠲᠦᠷᠦ ᠶᠢᠨ ᠪᠤᠳᠤᠯᠭ᠎ᠠ ᠪᠠᠷ ᠬᠠᠮᠤᠭ ᠤᠨ ᠳᠣᠲᠣᠨᠣ᠂ ᠤᠴᠢᠷ ᠶᠠᠪᠤᠳᠠᠯ

ᠰᠢᠢᠳᠪᠦᠷᠢᠯᠡᠬᠦ ᠳᠤ ᠬᠠᠮᠤᠭ ᠤᠨ ᠲᠦᠭᠦᠮ᠂ ᠪᠡᠯᠡ ᠣᠷᠣᠭᠤᠯᠤᠯᠲᠠ ᠪᠠᠷ ᠬᠠᠮᠤᠭ ᠤᠨ ᠰᠠᠨᠠᠭ᠎ᠠ ᠠᠮᠤᠷ᠂ ᠦᠢᠯᠡᠴᠢᠯᠡᠭᠡ ᠪᠠᠷ ᠬᠠᠮᠤᠭ ᠤᠨ ᠰᠠᠶᠢᠨ᠂ ᠠᠮᠢᠳᠤᠷᠠᠯ

ᠬᠠᠮᠤᠭ ᠤᠨ ᠲᠠᠭᠠᠯᠠᠮᠵᠢᠲᠠᠢ ︽ᠳᠠᠪᠤᠨ ᠬᠠᠨᠤᠮᠵᠢᠳᠠᠢ︾ ᠨᠡᠷ᠎ᠡ ᠲᠡᠮᠳᠡᠭᠳᠤ ᠶᠢ ᠡᠭᠦᠳᠴᠦ᠂ ᠪᠦᠬᠦ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ

ᠰᠢᠯᠢᠳᠡᠭ ᠬᠤᠳᠠ ᠶᠢ ᠪᠦᠳᠦᠬᠡᠨ ᠪᠠᠶᠢᠭᠤᠯᠬᠤ ᠬᠡᠷᠡᠭᠲᠡᠢ ᠭᠡᠪᠡ᠃

      ᠬᠤᠷᠠᠯ ᠠᠴᠠ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠶᠡᠭᠡ

ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2022 ᠣᠨ ᠤ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ

ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ ᠢ ᠵᠠᠷᠯᠠᠨ ᠮᠡᠳᠡᠭᠳᠡᠵᠦ᠂ ᠬᠤᠯᠪᠣᠭᠳᠠᠯ ᠪᠦᠬᠦᠢ ᠬᠤᠰᠢᠭᠤ ᠲᠣᠭᠤᠷᠢᠭ᠂ ᠠᠵᠤ ᠠᠬᠤᠶᠢᠯᠠᠯ ᠳᠤ ᠱᠠᠩᠨᠠᠯ ᠤᠯᠭᠤᠵᠤ᠂

2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠡᠭᠦᠷᠭᠡ ᠶᠢᠨ ᠪᠢᠴᠢᠭ ᠪᠠᠭᠤᠯᠭᠠᠵᠤ᠂ ᠡᠵᠡᠨ ᠬᠤᠷᠤᠭ᠎ᠠ ᠬᠤᠰᠢᠭᠤ᠂ ᠳ᠋ᠦᠩᠱᠧᠩ

ᠲᠣᠭᠤᠷᠢᠭ ᠤᠨ ᠬᠢᠨ ᠰᠠᠨᠠᠯ ᠢᠶᠠᠨ ᠰᠤᠯᠢᠯᠴᠠᠬᠤ ᠦᠭᠡ ᠶᠠᠷᠢᠪᠠ᠃

      ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠮᠠᠨ ᠤ ᠬᠤᠰᠢᠭᠤ ᠬᠤᠪᠢᠶᠠᠷᠢ ᠬᠤᠷᠠᠯ ᠤᠨ ᠲᠠᠯᠠᠪᠠᠶ ᠳᠤᠬᠢᠷᠠᠭᠤᠯᠤᠨ ᠬᠤᠷᠠᠯ ᠳᠤ

ᠤᠷᠤᠯᠴᠠᠪᠠ᠃

 

 

ᠢᠷᠡᠯᠲᠡ᠄ ᠤᠷᠳᠤᠰ ᠮᠤᠩᠭᠤᠯ ᠰᠦᠯᠵᠢᠶ᠎ᠡ