ᠮᠠᠰᠢᠨ ᠲᠡᠷᠭᠡᠨ ᠤ ᠲᠤᠳᠤᠷᠠᠬᠢ ᠡᠷᠡᠬᠦᠯ ᠮᠡᠨᠳᠦ ᠶᠢᠨ ᠮᠡᠳᠡᠯᠭᠡ
ᠨᠡᠶᠢᠲᠡᠯᠡᠭᠰᠡᠨ ᠴᠠᠭ᠄
2023/2/2
                        ᠪᠢᠳᠡᠨ ᠤ ᠮᠡᠳᠡᠭᠡᠵᠢ ᠪᠠᠷ᠂ ᠮᠠᠰᠢᠨ ᠲᠡᠷᠭᠡ ᠨᠢ ᠣᠳᠣ ᠶᠠᠭ ᠬᠥᠮᠦᠰ ᠤᠨ ᠠᠮᠢᠳᠤᠷᠠᠯ ᠤᠨ ︽ᠭᠤᠷᠪᠠᠳᠠᠬᠢ ᠣᠷᠣᠨ ᠵᠠᠶ︾ ᠪᠣᠯᠵᠤ ᠪᠠᠶᠢᠨ᠎ᠠ᠃ ᠭᠡᠷ ᠪᠦᠯᠢ ᠨᠢᠭᠡᠪᠦᠷᠢ ᠳᠤ ᠬᠠᠮᠤᠭ ᠠᠴᠠ ᠬᠦᠯᠢᠶᠡᠨ ᠵᠦᠪᠰᠢᠶᠡᠷᠡᠭᠳᠡᠬᠦ ᠵᠠᠮ ᠬᠠᠷᠢᠯᠴᠠᠭᠠᠨ ᠤ ᠪᠠᠭᠠᠵᠢ ᠪᠣᠯᠤᠭᠰᠠᠨ ᠤ ᠬᠤᠪᠢ ᠳᠤ᠂ ᠮᠠᠰᠢᠨ ᠲᠡᠷᠭᠡᠨ ᠤ ᠳᠣᠲᠣᠷᠠᠬᠢ ᠣᠷᠴᠢᠨ ᠲᠣᠭᠤᠷᠢᠨ ᠡᠷᠡᠭᠦᠯ ᠪᠠᠶᠢᠬᠤ ᠡᠰᠡᠬᠦ ᠨᠢ ᠲᠠ ᠪᠢᠳᠡᠨ ᠤ ᠪᠡᠶ᠎ᠡ ᠶᠢᠨ ᠡᠷᠡᠬᠦᠯ ᠮᠡᠨᠳᠦ ᠲᠠᠢ ᠰᠢᠭᠤᠳ ᠬᠤᠯᠪᠤᠭ᠎ᠠ ᠳ᠋ᠠᠢ ᠪᠠᠶᠢᠳᠠᠭ᠃      ᠮᠠᠰᠢᠨ ᠲᠡᠷᠭᠡᠨ ᠤ ᠦᠶ᠋ᠯᠡᠳᠪᠦᠷᠢ ᠶᠢᠨ ᠵᠢᠷᠤᠭ ᠲᠥᠯᠥ᠋ᠪᠯᠡᠭᠡ᠂ ᠮᠠᠲ᠋ᠧᠷᠢᠶᠠᠯ ᠤᠨ ᠰᠣᠩᠭᠤᠯᠲᠠ ᠨᠢ ᠲᠡᠷᠭᠡᠨ ᠤ ᠳᠣᠲᠣᠷᠠᠬᠢ ᠣᠷᠴᠢᠨ ᠲᠣᠭᠤᠷᠢᠨ ᠤ ᠡᠷᠡᠭᠦᠯ ᠡᠰᠡᠬᠦ ᠶᠢ ᠰᠢᠭᠤᠳ ᠨᠥᠯᠥ᠋ᠭᠡᠯᠡᠳᠡᠭ᠃ ᠲᠡᠷᠭᠡᠨ ᠳᠣᠲᠣᠷᠠᠬᠢ ᠡᠷᠡᠭᠦᠯ ᠮᠡᠨᠳᠦ ᠶᠢᠨ ᠮᠡᠳᠡᠯᠭᠡ ᠶᠢᠨ ᠠᠯᠢ ᠶᠢ ᠨᠢ ᠬᠦᠮᠦᠰ ᠬᠠᠮᠤᠭ ᠠᠴᠠ ᠠᠮᠠᠷᠬᠠᠨ ᠤᠮᠳᠤᠭᠠᠶᠢᠯᠠᠬᠤ ᠪᠣᠶ︖ ᠡᠳᠡᠭᠡᠷ ᠮᠠᠰᠢᠨ ᠲᠡᠷᠭᠡᠨ ᠤ ᠡᠷᠡᠭᠦᠯ ᠮᠡᠨᠳᠦ ᠶᠢᠨ ᠮᠡᠳᠡᠯᠭᠡ ᠶᠢ ᠲᠠ ᠪᠦᠷ ᠣᠶᠢᠯᠠᠭᠠᠳᠠᠭ ᠤᠤ︖      ᠲᠡᠷᠭᠡᠨ ᠤ ᠳᠣᠲᠣᠷᠠᠬᠢ ᠬᠠᠴᠢᠨ ᠦᠨᠦᠷ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠵᠢᠴᠢ ᠬᠤᠤᠷ ᠬᠥᠨᠥᠭᠡᠯ ᠲᠠᠢ ᠬᠠᠷᠰᠢᠮᠠᠲᠠᠭᠠᠶ ᠪᠣᠳᠠᠰ ᠨᠢ ᠶᠡᠷᠦ ᠳᠡᠭᠡᠨ ᠮᠠᠰᠢᠨ ᠲᠡᠷᠭᠡ ᠶᠢ ᠲᠥᠯᠥ᠋ᠪᠯᠡᠨ ᠦᠶ᠋ᠯᠡᠳᠬᠦ ᠶᠠᠪᠤᠴᠠ ᠳᠤ ᠬᠡᠷᠡᠭᠯᠡᠭᠰᠡᠨ ᠠᠷᠠᠰᠤᠨ ᠮᠠᠲ᠋ᠧᠷᠢᠶᠠᠯ᠂ ᠨᠡᠬᠡᠮᠡᠯ ᠡᠳ᠋᠂ ᠰᠦᠯᠢᠶᠣᠣ᠂ ᠨᠢᠯᠴᠠᠭᠠᠶ ᠴᠠᠪᠠᠸ᠋ ᠵᠡᠷᠭᠡ ᠮᠠᠲ᠋ᠧᠷᠢᠶᠠᠯ ᠤᠨ VOC ︵ᠳᠡᠭᠳᠡᠮᠡᠬᠡᠶ ᠴᠢᠨᠠᠷᠲᠠᠶ ᠣᠷᠭᠠᠨᠢᠭ ᠨᠢᠭᠡᠳᠪᠦᠷᠢ︶ ᠶᠢᠨ ᠣᠨᠴᠠᠯᠢᠭ ᠠᠴᠠ ᠢᠷᠡᠵᠦ᠂ ᠲᠡᠷᠭᠡᠨ ᠳᠣᠲᠣᠷᠠᠬᠢ VOC ᠶᠢᠨ ᠬᠡᠮᠵᠢᠶ᠎ᠡ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠨᠥᠭᠦᠭᠡ ᠲᠠᠯ᠎ᠠ ᠪᠠᠷ ᠴᠥᠭᠡᠨ ᠪᠤᠰᠤ ᠬᠦᠮᠦᠰ ᠮᠠᠰᠢᠨ ᠲᠡᠷᠭᠡ ᠬᠤᠳᠠᠯᠳᠤᠨ ᠠᠪᠤᠭᠰᠠᠨ ᠤ ᠳᠠᠷᠠᠭ᠎ᠠ᠂ ᠬᠥᠯ ᠤᠨ ᠳᠡᠪᠢᠰᠭᠡᠷ᠂ ᠰᠠᠭᠤᠳᠠᠯ ᠬᠠᠮᠠᠭᠠᠯᠠᠬᠤ ᠳᠤᠭᠲᠤᠢ ᠵᠡᠷᠭᠡ ᠨᠡᠮᠡᠵᠤ ᠤᠭᠰᠠᠷᠠᠬᠤ ᠳᠤᠷᠠᠲᠠᠶ ᠪᠠᠶᠢᠳᠠᠭ᠂ ᠡᠲᠡᠭᠡᠷ ᠮᠠᠲ᠋ᠧᠷᠢᠶᠠᠯ ᠤᠨ VOC ᠶᠢᠨ ᠬᠡᠮᠵᠢᠶ᠎ᠡ ᠨᠢ ᠲᠡᠷᠭᠡᠨ ᠳᠣᠲᠣᠷᠠᠬᠢ VOC ᠶᠢᠨ ᠬᠡᠮᠵᠢᠶ᠎ᠡ ᠶᠢ ᠶᠡᠭᠡ ᠪᠠᠷ ᠨᠥᠯᠥ᠋ᠭᠡᠯᠡᠳᠡᠭ᠃ VOC ᠶᠢ ︽ᠨᠢᠭᠤᠭᠳᠠᠮᠠᠯ ᠶᠠᠷᠭᠠᠴᠢᠨ︾ ᠭᠡᠵᠦ ᠬᠡᠯᠡᠵᠦ ᠪᠣᠯᠤᠨ᠎ᠠ᠂ VOC ᠶᠢᠨ ᠬᠡᠮᠵᠢᠶ᠎ᠡ ᠨᠡᠮᠡᠭᠳᠡᠵᠤ ᠵᠣᠬᠢᠬᠤ ᠥᠳᠭᠡᠴᠡ ᠶᠢᠨ ᠬᠡᠮᠵᠢᠶ᠎ᠡ ᠬᠦᠷᠪᠡᠯ᠂ ᠬᠦᠮᠦᠰ ᠤᠨ ᠪᠡᠶ᠎ᠡ ᠳᠤ ᠲᠣᠯᠣᠭᠠᠢ ᠡᠪᠡᠳᠬᠦ᠂ ᠳᠤᠷ᠎ᠠ ᠪᠤᠯᠭᠢᠬᠤ᠂ ᠪᠥᠭᠡᠯᠵᠢᠬᠦ᠂ ᠲᠠᠮᠢᠷᠳᠠᠬᠤ ᠵᠡᠷᠭᠡ ᠢᠯᠡᠷᠡᠯ ᠭᠠᠷᠴᠦ᠂ ᠬᠦᠨᠳᠦ ᠨᠣᠴᠢᠲᠠᠢ ᠦᠶ᠎ᠡ ᠳᠡᠭᠡᠨ ᠪᠡᠶ᠎ᠡ ᠲᠠᠲᠠᠪᠠᠯᠵᠠᠨ᠂ ᠮᠠᠨᠠᠷᠠᠬᠤ ᠪᠠᠶᠢᠳᠠᠯ ᠴᠦ ᠭᠠᠷᠳᠠᠭ᠃ VOC ᠨᠢ ᠬᠦᠮᠦᠨ ᠤ ᠪᠡᠶ᠎ᠡ ᠶᠢᠨ ᠡᠯᠢᠭᠡ᠂ ᠪᠥᠭᠡᠷ᠎ᠡ᠂ ᠶᠡᠭᠡ ᠲᠠᠷᠢᠬᠢ ᠪᠣᠯᠤᠨ ᠮᠡᠳᠡᠷᠡᠯ ᠤᠨ ᠰᠢᠰᠲ᠋ᠧᠮ ᠢ ᠭᠡᠮᠲᠦᠭᠡᠵᠦ᠂ ᠴᠡᠭᠡᠵᠢᠯᠡᠬᠦ ᠴᠢᠳᠠᠪᠤᠷᠢ ᠶᠢ ᠮᠠᠭᠤᠳᠠᠭᠤᠯᠬᠤ ᠵᠡᠷᠭᠡ ᠬᠦᠨᠳᠦ ᠨᠣᠴᠢᠲᠠᠶ ᠦᠷ᠎ᠡ ᠨᠦᠯᠦ᠋ᠭᠡ ᠲᠠᠢ ᠪᠠᠶᠢᠳᠠᠭ᠃      ᠴᠠᠬᠢᠯᠭᠠᠨ ᠰᠣᠷᠢᠨᠵᠢᠨ ᠰᠠᠴᠤᠷᠠᠭᠤᠯᠭ᠎ᠠ᠃ ᠬᠥᠮᠦᠰ ᠲᠤ ᠲᠠᠭᠠᠳᠠᠢ ᠪᠦᠭᠡᠳ ᠲᠥᠬᠦᠮ ᠬᠡᠷᠡᠭᠴᠡᠭᠡ ᠬᠠᠩᠭᠠᠬᠤ ᠶᠢᠨ ᠲᠥᠯᠥ᠋ᠭᠡ᠂ ᠤᠳᠤᠬᠠᠨ ᠳᠤ ᠮᠠᠰᠢᠨ ᠲᠡᠷᠭᠡᠨ ᠤ ᠲᠤᠳᠤᠷᠠᠬᠢ ᠴᠠᠬᠢᠯᠭᠠᠨ ᠬᠡᠷᠡᠭᠰᠡᠯ ᠪᠣᠯᠤᠨ ᠷᠠᠳᠢᠣ᠋ ᠲᠥᠬᠦᠭᠡᠷᠦᠮᠵᠢ ᠶᠠᠪᠤᠬᠤ ᠲᠤᠲᠤᠮ ᠣᠯᠠᠰᠢᠷᠠᠵᠤ᠂ ᠡᠲᠡᠭᠡᠷ ᠰᠡᠯᠪᠢᠭ ᠲᠣᠨᠤᠭ ᠤᠨ ᠡᠭᠦᠰᠭᠡᠭᠰᠡᠨ ᠬᠤᠪᠢᠰᠤᠮᠠᠯ ᠭᠥᠶᠥᠳᠡᠯᠳᠦ ᠴᠠᠬᠢᠯᠭᠠᠨ ᠬᠦᠴᠦᠳᠡᠯ ᠨᠢ ᠡᠯ᠎ᠡ ᠵᠦᠢᠯ ᠤᠨ ᠠᠷᠭ᠎ᠠ ᠵᠠᠮ ᠢᠶᠠᠷ ᠰᠠᠴᠤᠷᠠᠨ ᠭᠠᠷᠴᠤ᠂ ᠴᠠᠬᠢᠯᠭᠠᠨ ᠰᠣᠷᠢᠨᠵᠢᠨ ᠰᠠᠴᠤᠷᠠᠭᠤᠯᠭ᠎ᠠ ᠶᠢ ᠪᠣᠶ ᠪᠤᠯᠭᠠᠳᠠᠭ᠃ ᠲᠠᠬᠤᠯ ᠡᠪᠡᠳᠴᠢᠨ ᠤ ᠰᠤᠳᠤᠯᠤᠯ ᠤᠨ ᠰᠤᠳᠤᠯᠭᠠᠨ ᠤ ᠢᠯᠡᠷᠡᠭᠦᠯᠦᠯᠳᠡ ᠪᠠᠷ᠂ ᠬᠡᠲᠦ ᠳᠤᠤᠷ᠎ᠠ ᠳᠠᠪᠲᠠᠮᠵᠢᠲᠤ ᠴᠠᠬᠢᠯᠭᠠᠨ ᠰᠣᠷᠢᠨᠵᠢᠨ ᠣᠷᠣᠨ ᠨᠢ ᠬᠥᠮᠦᠨ ᠤ ᠪᠡᠶ᠎ᠡ ᠶᠢᠨ ᠮᠡᠳᠡᠷᠡᠯ ᠤᠨ ᠡᠬᠢ ᠪᠠ ᠪᠤᠯᠴᠢᠩ ᠤᠨ ᠨᠡᠬᠡᠳᠡᠰᠦ ᠳᠤ ᠨᠥᠯᠥ᠋ᠭᠡ ᠦᠵᠡᠭᠦᠯᠳᠡᠭ᠂ ᠬᠡᠲᠦ ᠷᠠᠳᠢᠣ᠋ ᠳᠠᠪᠲᠠᠮᠵᠢᠲᠤ ᠴᠠᠬᠢᠯᠭᠠᠨ ᠰᠣᠷᠢᠨᠵᠢᠨ ᠣᠷᠣᠨ ᠨᠢ ᠬᠥᠮᠦᠨ ᠤ ᠪᠡᠶ᠎ᠡ ᠶᠢᠨ ᠮᠡᠳᠡᠷᠡᠯ᠂ ᠵᠢᠷᠦᠬᠡ ᠴᠢᠰᠤᠨ ᠰᠤᠳᠠᠯ᠂ ᠳᠣᠲᠣᠭᠠᠳᠤ ᠱᠦᠭᠦᠷᠡᠯ᠂ ᠲᠠᠷᠬᠠᠯᠠᠭ᠎ᠠ᠂ ᠦᠷᠡᠵᠢᠯ ᠵᠡᠷᠭᠡ ᠰᠢᠰᠲ᠋ᠧᠮ ᠳᠤ ᠠᠳᠠᠯᠢ ᠪᠤᠰᠤ ᠬᠡᠮᠵᠢᠶᠡᠨ ᠤ ᠨᠥᠯᠥ᠋ᠭᠡ ᠦᠵᠡᠭᠦᠯᠳᠡᠭ᠂ ᠳᠤᠮᠳᠠᠴᠢ ᠪᠠᠷ 0.3 — 0.4 uT ᠶᠢᠨ ᠠᠵᠢᠯ ᠤᠨ ᠳᠠᠪᠲᠠᠮᠵᠢ ᠶᠢᠨ ᠰᠣᠷᠢᠨᠵᠢᠨ ᠣᠷᠣᠨ ᠲᠠᠢ ᠣᠶᠢᠷᠠᠲᠤᠪᠠᠯ᠂ ᠬᠡᠦᠬᠡᠳ ᠤᠨ ᠴᠢᠰᠤ ᠴᠠᠶᠢᠬᠤ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠬᠤᠶᠠᠷ ᠳᠠᠬᠢᠨ ᠨᠡᠮᠡᠭᠳᠡᠬᠦᠯᠦᠨ᠎ᠡ ᠬᠡᠵᠡᠢ᠃        ᠮᠥᠬᠦᠯᠢᠭᠳᠦ ᠪᠣᠳᠠᠰ ᠪᠠ ᠰᠣᠷᠭᠤᠭ ᠪᠣᠳᠠᠰ᠃ ᠮᠠᠰᠢᠨ ᠲᠡᠷᠭᠡ ᠨᠢ ᠭᠠᠳᠠᠭᠰᠢ ᠭᠠᠷᠬᠤ ᠪᠢᠴᠢᠯ ᠣᠷᠣᠨ ᠵᠠᠶ ᠪᠣᠯᠤᠭᠰᠠᠨ ᠤ ᠬᠤᠪᠢ ᠳᠤ᠂ ᠭᠠᠳᠠᠭᠠᠳᠤ ᠣᠷᠴᠢᠨ ᠲᠣᠭᠤᠷᠢᠨ ︵ᠵᠢᠱᠢᠶᠡᠯᠡᠪᠡᠯ ᠪᠣᠬᠢᠷ ᠮᠠᠨᠠᠨ᠂ ᠲᠣᠭᠤᠰᠣ ᠳᠡᠭᠳᠡᠬᠦ᠂ ᠴᠡᠴᠡᠭ ᠤᠨ ᠲᠣᠭᠤᠰᠣ ᠵᠡᠷᠭᠡ︶ ᠤ ᠪᠣᠬᠢᠷᠲᠤᠯ ᠤᠨ ᠥᠳᠭᠡᠴᠡ ᠨᠡᠯᠢᠶᠡᠳ ᠥᠨᠳᠥᠷ ᠦᠶ᠎ᠡ ᠳᠤ᠂ ᠮᠠᠰᠢᠨ ᠲᠡᠷᠭᠡᠨ ᠤ ᠪᠢᠲᠡᠭᠦᠮᠵᠢ ᠶᠢᠨ ᠴᠢᠨᠠᠷ ᠮᠠᠭᠤ ᠪᠤᠶᠤ ᠠᠭᠠᠷ ᠲᠣᠬᠢᠷᠠᠭᠤᠯᠤᠭᠴᠢ ᠶᠢᠨ ᠰᠢᠰᠲ᠋ᠧᠮ ᠳᠤ ᠠᠭᠠᠷ ᠢ ᠱᠦᠭᠦᠵᠦ ᠴᠡᠪᠡᠷᠰᠢᠭᠦᠯᠬᠦ ᠲᠥᠬᠦᠭᠡᠷᠦᠮᠵᠢ ᠳᠤᠲᠠᠭᠳᠠᠪᠠᠯ᠂ ᠣᠷᠴᠢᠨ ᠲᠣᠭᠤᠷᠢᠨ ᠳᠠᠬᠢ ᠪᠣᠬᠢᠷ ᠮᠠᠨᠠᠨ᠂ ᠲᠣᠭᠤᠰᠣ ᠳᠡᠭᠳᠡᠬᠦ᠂ ᠴᠡᠴᠡᠭ ᠤᠨ ᠲᠣᠭᠤᠰᠣ ᠵᠡᠷᠭᠡ ᠮᠥᠬᠦᠯᠢᠭᠳᠦ ᠪᠣᠳᠠᠰ ᠪᠠ ᠬᠠᠷᠰᠢᠮᠠᠲᠠᠭᠠᠶ ᠪᠣᠳᠠᠰ ᠲᠡᠷᠭᠡᠨ ᠲᠤᠳᠤᠷ᠎ᠠ ᠣᠷᠣᠵᠤ᠂ ᠵᠢᠯᠣᠭᠤᠴᠢ ᠶᠢᠨ ᠪᠡᠶ᠎ᠡ ᠶᠢᠨ ᠡᠷᠡᠭᠦᠯ ᠮᠡᠨᠳᠦ ᠳᠤ ᠠᠮᠠᠷᠬᠠᠨ ᠨᠥᠯᠥ᠋ᠭᠡ ᠤᠴᠠᠷᠠᠭᠤᠯᠳᠠᠭ᠃ ᠠᠭᠠᠷ ᠱᠦᠭᠦᠬᠦ ᠲᠥᠬᠦᠭᠡᠷᠦᠮᠵᠢ ᠲᠠᠢ ᠲᠡᠷᠭᠡ ᠰᠣᠩᠭᠤᠨ ᠠᠪᠤᠪᠠᠯ᠂ ᠲᠡᠷᠭᠡᠨ ᠤ ᠳᠣᠲᠣᠷᠠᠬᠢ ᠬᠠᠮᠠᠭᠠᠯᠠᠯᠲᠠ ᠶᠢ ᠶᠡᠭᠡ ᠪᠠᠷ ᠨᠡᠮᠡᠭᠳᠡᠬᠦᠯᠦᠨ᠎ᠡ᠃ ᠡᠭᠦᠨ ᠠᠴᠠ ᠭᠠᠳᠠᠨ᠎ᠠ᠂ ᠠᠷᠠᠰᠤ ᠲᠠᠢ ᠬᠦᠷᠦᠯᠴᠡᠬᠦ ᠵᠠᠷᠢᠮ ᠲᠡᠷᠭᠡᠨ ᠳᠣᠲᠣᠷᠠᠬᠢ ᠮᠠᠲ᠋ᠧᠷᠢᠶᠠᠯ ᠨᠢ ᠪᠠᠰᠠ ᠬᠥᠮᠦᠨ ᠤ ᠪᠡᠶ᠎ᠡ ᠳᠤ ᠰᠡᠳᠡᠯᠲᠡ ᠥᠭᠴᠦ᠂ ᠬᠠᠷᠰᠢᠬᠤ ᠵᠡᠷᠭᠡ ᠡᠪ ᠦᠭᠡᠶ ᠪᠠᠶᠢᠳᠠᠯ ᠭᠠᠷᠳᠠᠭ᠃      ᠠᠭᠠᠷ ᠲᠣᠬᠢᠷᠠᠭᠤᠯᠤᠭᠴᠢ᠃ ᠰᠤᠳᠤᠯᠭᠠᠨ ᠠᠴᠠ ᠦᠵᠡᠪᠡᠯ᠂ ᠲᠡᠷᠭᠡᠨ ᠳᠣᠲᠣᠷᠠᠬᠢ ᠳᠤᠯᠠᠭᠠᠨ ᠤ ᠬᠡᠮᠵᠢᠶ᠎ᠡ ᠨᠢ 20 — 35 °C᠂ ᠴᠢᠭᠢᠭ ᠤᠨ ᠬᠡᠮᠵᠢᠶ᠎ᠡ ᠨᠢ 75% — 95 % ᠪᠣᠯᠬᠤ ᠦᠶ᠎ᠡ ᠳᠤ᠂ ᠬᠥᠭᠡᠴᠦ ᠨᠢ ᠳᠡᠯᠪᠡᠷᠡᠯᠲᠡ ᠶᠢᠨ ᠴᠢᠨᠠᠷᠲᠠᠶ ᠤᠷᠭᠤᠵᠤ᠂ ᠠᠭᠠᠷ ᠲᠣᠬᠢᠷᠠᠭᠤᠯᠤᠭᠴᠢ ᠶᠢᠨ ᠰᠢᠰᠲ᠋ᠧᠮ ᠨᠢ ᠶᠠᠭ ᠰᠠᠶ᠋ᠢᠠᠨ ᠡᠨᠡ ᠬᠦ ᠨᠥᠬᠦᠴᠡᠯ ᠳᠤ ᠨᠡᠶᠢᠴᠡᠭᠰᠡᠨ ᠪᠠᠶᠢᠨ᠎ᠠ᠃ ᠬᠡᠷᠪᠡ ᠲᠡᠷᠭᠡᠨ ᠤ ᠳᠣᠲᠣᠷᠠᠬᠢ ᠠᠭᠠᠷ ᠲᠣᠬᠢᠷᠠᠭᠤᠯᠤᠭᠴᠢ ᠶᠢᠨ ᠠᠭᠤᠷᠰᠢᠭᠤᠯᠤᠭᠴᠢ ᠶᠢ ᠣᠷᠳᠣ ᠬᠤᠭᠤᠴᠠᠭ᠎ᠠ ᠪᠠᠷ ᠴᠡᠪᠡᠷᠯᠡᠵᠤ ᠠᠷᠠᠴᠢᠯᠠᠬᠤ ᠦᠬᠡᠢ ᠪᠣᠯ ᠠᠭᠤᠷᠰᠢᠭᠤᠯᠤᠭᠴᠢ ᠶᠢᠨ ᠳᠣᠲᠣᠭᠠᠳᠤ ᠳᠤ ᠶᠡᠭᠡ ᠬᠡᠮᠵᠢᠶᠡᠨ ᠤ ᠭᠬᠢᠷ ᠪᠤᠷᠲᠠᠭ ᠵᠢᠴᠢ ᠠᠮᠢᠨ᠂ ᠲᠠᠮᠠᠬᠢᠨ ᠱᠦᠯᠲᠦ᠂ ᠪᠠᠺᠲ᠋ᠧᠷᠢ ᠵᠡᠷᠭᠡ ᠬᠤᠤᠷᠳᠦ ᠪᠣᠳᠠᠰ ᠬᠤᠷᠠᠵᠤ᠂ ᠨᠡᠯᠢᠶᠡᠳ ᠴᠢᠭᠢᠭᠯᠢᠭ ᠦᠶ᠎ᠡ ᠳᠤ ᠶᠡᠭᠡ ᠬᠡᠮᠵᠢᠶᠡᠨ ᠤ ᠪᠢᠴᠢᠯ ᠠᠮᠢᠳᠤ ᠪᠣᠳᠠᠰ ᠪᠤᠢ ᠪᠤᠯᠵᠤ᠂ ᠡᠭᠦᠨ ᠤ ᠤᠯᠠᠮ ᠠᠴᠠ ᠮᠠᠰᠢᠨ ᠲᠡᠷᠭᠡᠨ ᠤ ᠳᠣᠲᠣᠷᠠᠬᠢ ᠠᠭᠠᠷ ᠢ ᠪᠣᠬᠢᠷᠲᠤᠭᠤᠯᠳᠠᠭ᠃    
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ