ᠲᠠᠯᠠᠳ ᠬᠤᠰᠢᠭᠤᠨ ᠤ ᠡᠯ᠎ᠡ ᠲᠤᠮᠤ ᠦᠢᠯᠡᠳᠪᠦᠷᠢᠯᠡᠯ ᠤᠨ ᠠᠵᠤ ᠠᠬᠤᠶᠢᠯᠡᠯ ᠠᠵᠢᠯ ᠢᠶᠠᠨ ᠡᠬᠢᠯᠡᠬᠦᠯᠪᠡ
ᠨᠡᠶᠢᠲᠡᠯᠡᠭᠰᠡᠨ ᠴᠠᠭ᠄
2023/2/3
                 ᠤᠶᠢᠷ᠎ᠠ ᠶᠢᠨ ᠡᠳᠦᠷ᠂ ᠲᠠᠯᠠᠳ ᠬᠤᠰᠢᠭᠤᠨ ᠤ ᠡᠯ᠎ᠡ ᠲᠤᠮᠤ ᠦᠢᠯᠡᠳᠪᠦᠷᠢᠯᠡᠯ ᠤᠨ ᠠᠵᠤ ᠠᠬᠤᠶᠢᠯᠠᠯ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢᠶᠠᠨ ᠪᠠᠲᠤᠯᠠᠨ᠂ ᠵᠠᠬᠢᠶᠠᠯᠠᠭ᠎ᠠ ᠶᠢᠨ ᠬᠠᠭᠤᠳᠠᠰᠤ ᠶᠢ ᠴᠢᠷᠮᠠᠶᠢᠨ ᠪᠡᠶᠡᠯᠡᠬᠦᠯᠵᠦ᠂ ᠰᠢᠨ᠎ᠡ ᠵᠢᠯ ᠤᠨ ᠰᠠᠶᠢᠨ ᠡᠬᠢᠯᠡᠯᠲᠡ ᠶᠢ ᠪᠤᠢ ᠪᠤᠯᠭᠠᠪᠠ᠃       ᠲᠠᠯᠠᠳ ᠡᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠪᠠᠶᠢᠭ᠎ᠠ ᠮᠧᠩ ᠲᠠᠢ ᠪᠦᠯᠦᠭᠯᠡᠯ ᠤᠨ ᠰᠢᠨ᠎ᠡ ᠬᠡᠯᠪᠡᠷᠢ ᠶᠢᠨ ᠬᠦᠩᠭᠡᠨ ᠴᠠᠭᠠᠨ ᠤ ᠬᠠᠶᠢᠯᠤᠰᠢ ᠶᠢᠨ ᠦᠢᠯᠡᠳᠪᠦᠷᠢ ᠶᠢᠨ ᠲᠠᠰᠤᠭ ᠲᠤ ᠣᠷᠣᠬᠤ ᠳᠤ᠂ ᠠᠵᠢᠯᠴᠢᠳ ᠦᠢᠯᠡᠳᠪᠦᠷᠢᠯᠡᠯ ᠤᠨ ᠱᠤᠭᠤᠮ ᠳᠡᠭᠡᠷ᠎ᠡ ᠶᠠᠭᠠᠷᠠᠯᠲᠠᠢ ᠠᠵᠢᠯᠯᠠᠵᠤ ᠪᠠᠶᠢᠯ᠎ᠠ᠃ ᠣᠳᠣᠬᠠᠨ ᠳᠤ᠂ ᠦᠢᠯᠡᠳᠪᠦᠷᠢ ᠶᠢᠨ ᠲᠠᠰᠤᠭ ᠤᠨ 4 ᠦᠢᠯᠡᠳᠪᠦᠷᠢᠯᠡᠯ ᠤᠨ ᠱᠤᠭᠤᠮ ᠪᠦᠬᠦᠨ ᠢᠶᠠᠷ ᠢᠶᠠᠨ ᠠᠵᠢᠯᠯᠠᠵᠤ᠂ ᠡᠳᠦᠷ ᠤᠨ ᠦᠢᠯᠡᠳᠪᠦᠷᠢᠯᠡᠯ ᠤᠨ ᠬᠡᠮᠵᠢᠶ᠎ᠡ 400 ᠲᠣᠨ ᠳᠤ ᠬᠦᠷᠦᠭᠰᠡᠨ ᠪᠠᠶᠢᠨ᠎ᠠ᠃  ᠮᠧᠩ ᠲᠠᠢ ᠬᠦᠩᠭᠡᠨ ᠴᠠᠭᠠᠨ ᠤ ᠬᠠᠶᠢᠯᠤᠰᠢ ᠵᠢᠨ‌‍ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠢᠨᠵᠧᠨᠧᠷ ᠳ᠋ᠢ ᠱᠢ ᠯᠸᠢ᠄ ︽ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠨ ᠤ ᠦᠢᠯᠡᠳᠪᠦᠷᠢᠯᠡᠯ ᠬᠠᠮᠢᠶᠠᠷᠤᠯᠲᠠ ᠶᠢᠨ ᠠᠵᠢᠯᠳᠠᠨ᠂ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠳᠠᠨ ᠪᠣᠯᠤᠨ ᠦᠢᠯᠡᠳᠪᠦᠷᠢ ᠶᠢᠨ ᠲᠠᠰᠤᠭ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠤᠨ ᠠᠵᠢᠯᠴᠢᠳ ᠡᠮᠬᠢ ᠵᠢᠷᠤᠮ ᠲᠠᠢ ᠡᠭᠡᠯᠵᠢᠯᠡᠨ ᠠᠵᠢᠯᠯᠠᠵᠦ ᠠᠮᠠᠷᠠᠨ᠂ ᠦᠢᠯᠡᠳᠪᠦᠷᠢᠯᠡᠯ ᠢ ᠵᠣᠬᠢᠰᠲᠠᠢ ᠲᠤᠬᠢᠷᠠᠭᠤᠯᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠳᠤᠯᠠᠵᠦ ᠪᠠᠶᠢᠨ᠋᠎ᠠ︾ ᠭᠡᠪᠡ᠃           ᠲᠠᠯᠠᠳ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠠᠬᠢ ᠥᠪᠥᠷ ᠮᠣᠩᠭᠤᠯ ᠤᠨ ᠰᠢᠨ ᠸᠠᠩ ᠲᠠᠬᠢᠨ ᠠᠰᠢᠬᠯᠠᠵᠤ ᠪᠤᠯᠬᠤ ᠡᠬᠢ ᠪᠠᠶᠠᠯᠢᠭ ᠤᠨ ᠬᠢᠵᠠᠭᠠᠷᠲᠤ ᠺᠣᠮᠫᠠᠨᠢ᠂ ᠵᠥᠩ ᠰᠢᠤᠸᠠᠨ ᠠᠮᠢᠳᠦ ᠪᠤᠳᠠᠰ ᠤᠨ ᠬᠢᠮᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠬᠡᠳᠦᠨ ᠠᠷᠪᠠᠨ ᠠᠵᠤ ᠠᠬᠤᠶᠢᠯᠠᠯ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠢᠶᠠᠨ ᠵᠣᠭᠰᠣᠭᠠᠬᠰᠠᠨ ᠦᠬᠡᠢ ᠪᠠᠶᠢᠵᠤ᠂ ᠦᠢᠯᠡᠳᠪᠦᠷᠢᠯᠡᠯ ᠢᠶᠠᠨ ᠪᠦᠬᠦ ᠬᠦᠴᠦᠨ ᠢᠶᠠᠷ ᠢᠶᠠᠨ ᠪᠠᠲᠤᠯᠠᠪᠠ᠃ ᠵᠦᠩ ᠰᠢᠤᠸᠠᠨ ᠠᠮᠢᠳᠦ ᠪᠤᠳᠠᠰ ᠤᠨ ᠬᠢᠮᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠮᠢᠩ ᠬᠠᠢ᠄ ︽ᠪᠢᠳᠡ ᠡᠯ᠎ᠡ ᠱᠠᠲᠤᠨ ᠤ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠲᠦᠷᠢᠮ ᠢ ᠴᠢᠩᠭ᠎ᠠ ᠪᠠᠷ ᠨᠠᠶᠢᠳᠠᠪᠤᠷᠢᠵᠢᠭᠤᠯᠵᠤ᠂ ᠲᠤᠨᠤᠭ ᠲᠥᠬᠦᠭᠡᠷᠦᠮᠵᠢ ᠶᠢᠨ ᠠᠵᠢᠯᠯᠠᠭᠠᠨ ᠬᠡᠪ ᠤᠨ ᠪᠠᠶᠢᠬᠤ᠂ ᠠᠵᠢᠯᠴᠢᠳ ᠢ ᠠᠵᠢᠯ ᠤᠨ ᠪᠠᠶᠢᠷᠢ ᠳᠤ ᠭᠠᠷᠭᠠᠬᠤ ᠶᠢ ᠪᠠᠲᠤᠯᠠᠵᠤ᠂ ᠺᠣᠮᠫᠠᠨᠢ ᠶᠢᠨ ᠠᠮᠤᠷ ᠲᠦᠪᠰᠢᠨ ᠡᠮᠬᠢ ᠵᠢᠷᠤᠮ ᠲᠠᠢ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠰᠠᠨ ᠶᠤᠮ︾ ᠭᠡᠯ᠎ᠡ᠃          ᠡᠨᠡ ᠵᠢᠯ᠂ ᠳᠠᠯᠠᠳ ᠠᠵᠤ ᠠᠬᠤᠢ ᠶᠢᠨ ᠨᠡᠭᠡᠭᠡᠯᠲᠡ ᠶᠢᠨ ᠤᠷᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 510 ᠳ᠋ᠦᠩᠰᠢᠭᠤᠷ ᠲᠥᠭᠦᠷᠢᠭ᠂ ᠪᠣᠷᠣᠯᠠᠭᠤᠯᠭ᠎ᠠ ᠶᠢᠨ ᠣᠷᠣᠯᠭ᠎ᠠ ᠶᠢ 515 ᠳ᠋ᠦᠩᠰᠢᠭᠤᠷ ᠲᠥᠭᠦᠷᠢᠭ ᠪᠡᠶᠡᠯᠡᠭᠦᠯᠬᠦ ᠬᠥᠭᠵᠢᠯᠲᠡ ᠶᠢᠨ ᠬᠠᠷᠠᠯᠲᠠ ᠶᠢ ᠲᠣᠭᠳᠠᠭᠠᠬᠰᠠᠨ ᠪᠠᠶᠢᠨ᠎ᠠ᠃ ᠣᠳᠣᠬᠠᠨ ᠳᠤ᠂ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠨᠢ ᠬᠦᠷᠢᠶᠡᠯᠡᠩ ᠲᠤᠭᠤᠷᠢᠭ ᠲᠤ ᠨᠤᠳᠤᠬᠰᠢᠬᠰᠠᠨ ᠠᠵᠤ ᠠᠬᠤᠶᠢᠯᠠᠯ ᠲᠠᠢ ᠦᠨᠡᠨᠴᠢ ᠪᠠᠷ ᠬᠠᠮᠲᠤᠷᠠᠯᠴᠠᠵᠤ᠂ ᠡᠯ᠎ᠡ ᠵᠦᠢᠯ ᠤᠨ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠡᠯ᠎ᠡ ᠲᠤᠮᠤ ᠠᠵᠤ ᠠᠬᠤᠶᠢᠯᠠᠯ ᠵᠠᠯᠭᠠᠬ᠋᠎ᠠ ᠪᠠᠷ ᠠᠵᠢᠯ ᠢᠶᠠᠨ ᠡᠬᠢᠯᠡᠭᠦᠯᠵᠦ᠂ ᠪᠦᠬᠦ ᠵᠢᠯ ᠤᠨ ᠦᠢᠯᠡᠳᠪᠦᠷᠢᠯᠡᠯ ᠤᠨ ᠡᠭᠦᠷᠭᠡ ᠪᠠᠨ ᠪᠡᠶᠡᠯᠡᠭᠦᠯᠬᠦ ᠳᠤ ᠰᠠᠶᠢᠨ ᠡᠬᠢᠯᠡᠯᠲᠡ ᠶᠢ ᠪᠤᠢ ᠪᠤᠯᠭᠠᠵᠠᠢ᠃   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ