| | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠂ ᠶᠡᠷᠦᠩᠬᠡᠶ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠰᠢᠨ᠎ᠡ ᠴᠠᠭ ᠦᠶ᠎ᠡ ᠶᠢᠨ ᠦᠭᠡ ᠬᠡᠯᠡ | ᠦᠰᠦᠭ ᠪᠢᠴᠢᠭ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠦᠷᠦ | ᠠᠯᠪᠠᠨ ᠲᠠᠷᠬᠠᠭᠠᠭᠰᠠᠨ ﹇2020﹈ 30 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠯᠪᠠᠨ ᠵᠠᠷᠯᠠᠯ ᠵᠢᠷᠠᠨ ᠬᠤᠶᠠᠳᠤᠭᠠᠷ ᠲᠣᠭᠠᠲᠤ︶ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠰᠢᠨ᠎ᠡ | ᠴᠠᠭ ᠦᠶ᠎ᠡ ᠶᠢᠨ ᠮᠣᠩᠭᠤᠯ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠤᠯᠪᠣᠭᠳᠠᠯ ᠪᠥᠬᠦᠶ | ᠤᠴᠢᠷ ᠢ ᠳᠤᠤᠷᠠᠬᠢ ᠮᠡᠲᠦ ᠮᠡᠳᠡᠭᠳᠡᠶ᠎ᠡ᠃ | ᠨᠢᠭᠡ᠂ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠬᠤ ᠨᠢ | ︵ᠨᠢᠭᠡ︶ ᠴᠢᠬᠤᠯᠠ ᠠᠴᠢ ᠬᠤᠯᠪᠣᠭᠳᠠᠯ᠃ ᠦᠭᠡ ᠬᠡᠯᠡ ᠦᠰᠦᠭ ᠪᠢᠴᠢᠭ ᠤᠨ ᠦᠢᠯᠡᠰ ᠪᠣᠯ ᠨᠢᠭᠡᠨ ᠰᠠᠭᠤᠷᠢ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ | ᠨᠡᠶᠢᠭᠡᠮᠴᠢ ᠴᠢᠨᠠᠷᠲᠠᠢ᠂ ᠪᠦᠬᠦ ᠠᠷᠠᠳ ᠤᠨ ᠴᠢᠨᠠᠷᠲᠠᠢ ᠦᠢᠯᠡᠰ ᠮᠥᠨ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠴᠢᠬᠤᠯᠠ ᠪᠠᠶᠢᠷᠢ ᠰᠠᠭᠤᠷᠢ ᠪᠠ | ᠦᠢᠯᠡᠳᠦᠯ ᠲᠠᠢ ᠪᠠᠶᠢᠳᠠᠭ᠃ ᠮᠣᠩᠭᠤᠯ ᠦᠭᠡ ᠬᠡᠯᠡ ᠦᠰᠦᠭ ᠪᠢᠴᠢᠭ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠤᠤᠯ ᠪᠦᠷᠢᠯᠳᠦᠬᠦᠨ ᠬᠡᠰᠡᠭ | ᠮᠥᠨ᠂ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠵᠦ ᠪᠠᠷᠢᠮᠵᠢᠶᠠᠵᠢᠭᠤᠯᠵᠦ ᠬᠥᠭᠵᠢᠭᠦᠯᠬᠦ ᠶᠢ ᠠᠬᠢᠭᠤᠯᠬᠤ ᠪᠤᠯ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠪᠠ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠬᠤᠯᠠ ᠡᠭᠦᠷᠭᠡ ᠮᠥᠨ᠂ ᠰᠢᠨ᠎ᠡ ᠴᠠᠭ ᠦᠶ᠎ᠡ ᠳᠤ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ | ᠤᠬᠠᠭᠠᠨᠴᠢ ᠪᠠᠷ ᠬᠠᠮᠠᠭᠠᠯᠠᠬᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠨ ᠰᠤᠷᠤᠯᠴᠠᠬᠤ ᠪᠠ ᠬᠡᠷᠡᠭᠯᠡᠬᠦ ᠶᠢ ᠬᠦᠨᠳᠦᠳᠬᠡᠨ | ᠪᠠᠲᠤᠯᠠᠬᠤ ᠪᠣᠳᠠᠲᠠᠶ ᠠᠷᠭ᠎ᠠ ᠬᠡᠮᠵᠢᠶ᠎ᠡ ᠮᠦᠨ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠪᠤᠰᠤᠳᠴᠢ ᠱᠠᠭᠠᠷᠳᠠᠯᠭ᠎ᠠ ᠪᠣᠯᠤᠨ᠎ᠠ᠂ ᠤᠯᠤᠰ ᠤᠨ ᠦᠭᠡ ᠬᠡᠯᠡᠨ ᠤ ᠠᠮᠤᠷ ᠲᠦᠪᠰᠢᠨ ᠢ | ᠬᠠᠮᠠᠭᠠᠯᠠᠬᠤ ᠳᠤ ᠠᠰᠢᠭᠲᠠᠶ ᠪᠦᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠢᠩᠭᠠᠳᠬᠠᠬᠤ ᠳᠤ ᠠᠰᠢᠭᠲᠠᠶ ᠶᠤᠮ᠃ | ︵ᠬᠤᠶᠠᠷ︶ ᠵᠢᠯᠣᠭᠤᠳᠬᠤ ᠦᠵᠡᠯ ᠰᠠᠨᠠᠭ᠎ᠠ᠃ ᠰᠢᠨ᠎ᠡ ᠴᠠᠭ ᠦᠶ᠎ᠡ ᠶᠢᠨ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ | ᠪᠠᠷᠢᠮᠵᠢᠶᠠᠵᠢᠭᠤᠯᠤᠯᠲᠠ ᠶᠢᠨ ᠠᠵᠢᠯ ᠢ ᠥᠷᠨᠢᠭᠦᠯᠬᠦ ᠳᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠂ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠬᠦᠯᠵᠦ᠂ ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ᠂ | ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠶᠢᠨ ᠦᠨᠳᠦᠷᠴᠡ ᠠᠴᠠ ᠡᠭᠦᠰᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠦ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠳᠤ ᠦᠢᠯᠡᠴᠢᠯᠡᠬᠦ᠂ ᠵᠢᠮ᠎ᠡ ᠶᠣᠰᠣ ᠶᠢ | ᠵᠢᠷᠤᠮᠯᠠᠬᠤ᠂ ᠲᠥᠷᠥᠯ ᠬᠤᠪᠢᠶᠠᠨ ᠵᠢᠯᠣᠭᠤᠳᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠲᠣᠭᠲᠠᠭᠤᠨ ᠤ ᠲᠤᠮᠳᠠ ᠤᠷᠤᠬᠰᠢᠯᠠᠨ ᠲᠠᠪᠰᠢᠬᠤ | ᠵᠠᠷᠴᠢᠮ ᠢᠶᠠᠷ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠦ᠂ ᠤᠯᠤᠰ ᠤᠨ ᠰᠣᠶᠣᠯ ᠤᠨ ᠵᠥᠭᠡᠯᠡᠨ | ᠪᠣᠳᠠᠲᠤ ᠬᠦᠴᠦᠨ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠦ᠂ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠵᠦ᠂ | ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠬᠤ ᠬᠡᠷᠡᠭᠳᠡᠢ᠃ | ᠬᠤᠶᠠᠷ᠂ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠲᠤᠬᠠᠢ | ︵ᠨᠢᠭᠡ︶ ᠨᠡᠷ᠎ᠡ ᠲᠣᠮᠢᠶ᠎ᠠ ᠶᠢ ᠬᠢᠨᠠᠨ ᠲᠣᠭᠲᠠᠭᠠᠵᠤ ᠳᠦᠷᠢᠮᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠮᠣᠩᠭᠤᠯ ᠬᠡᠯᠡᠨ ᠤ ᠨᠡᠷ᠎ᠡ ᠲᠣᠮᠢᠶ᠎ᠠ ᠶᠢ | ᠴᠤᠭᠯᠠᠭᠤᠯᠬᠤ᠂ ᠡᠮᠬᠢᠳᠬᠡᠬᠦ᠂ ᠣᠷᠴᠢᠭᠤᠯᠬᠤ᠂ ᠬᠢᠨᠠᠨ ᠲᠣᠭᠲᠠᠭᠠᠬᠤ ᠪᠠ ᠨᠡᠶᠢᠲᠡᠯᠡᠵᠦ ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠠ᠃ ᠥᠪᠡᠷᠲᠡᠭᠡᠨ ᠵᠠᠰᠠᠬᠤ ᠣᠷᠣᠨ | ᠵᠢᠯ ᠪᠤᠯᠭᠠᠨ ᠮᠣᠩᠭᠤᠯ ᠬᠡᠯᠡᠨ ᠤ ᠨᠡᠷ᠎ᠡ ᠲᠣᠮᠢᠶᠠᠨ ᠤ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠬᠤᠷᠠᠯᠳᠤᠭᠤᠯᠵᠤ᠂ ᠨᠡᠷ᠎ᠡ ᠲᠣᠮᠢᠶ᠎ᠠ ᠶᠢ ᠬᠢᠨᠠᠨ | ᠲᠣᠭᠲᠠᠭᠠᠬᠤ ᠶᠢᠨ ᠬᠠᠮᠲᠤ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠮᠣᠩᠭᠤᠯ ᠦᠭᠡ ᠬᠡᠯᠡ ᠦᠰᠦᠭ ᠪᠢᠴᠢᠭ ᠤᠨ | ᠬᠠᠷᠢᠴᠠᠭᠤᠯᠤᠭᠰᠠᠨ ᠨᠡᠷ᠎ᠡ ᠲᠣᠮᠢᠶᠠᠨ ᠤ ᠠᠯᠪᠠᠨ ᠮᠡᠳᠡᠭᠡ︾ ᠶᠢ ᠨᠡᠶᠢᠭᠡᠮ ᠨᠡᠶᠢᠲᠡ ᠳᠤ ᠴᠠᠭ ᠲᠤᠬᠠᠶ ᠳᠤ ᠨᠢ ᠨᠡᠶᠢᠲᠡᠯᠡᠨ ᠬᠡᠷᠡᠭᠵᠢᠭᠦᠯᠦᠨ᠎ᠡ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ | ᠦᠰᠦᠭ ᠪᠢᠴᠢᠭ ᠤᠨ ᠠᠵᠢᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠮᠣᠩᠭᠤᠯ ᠦᠭᠡ ᠬᠡᠯᠡ | ᠦᠰᠦᠭ ᠪᠢᠴᠢᠭ ᠤᠨ ᠬᠠᠷᠢᠴᠠᠭᠤᠯᠤᠭᠰᠠᠨ ᠨᠡᠷ᠎ᠡ ᠲᠣᠮᠢᠶ᠎ᠠ ᠶᠢ ᠳᠦᠷᠢᠮᠵᠢᠭᠦᠯᠦᠨ ᠬᠡᠷᠡᠭᠯᠡᠬᠦ ᠬᠡᠷᠡᠭᠲᠡᠶ᠃ ᠬᠤᠯᠪᠣᠭᠳᠠᠯ ᠪᠦᠬᠦᠢ ᠨᠢᠭᠡᠴᠢ ᠨᠦᠭᠦᠳ ᠪᠣᠳᠠᠲᠤ | ᠬᠡᠷᠡᠭᠴᠡᠭᠡ ᠪᠠᠨ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯᠤᠨ ᠮᠣᠩᠭᠤᠯ ᠦᠭᠡ ᠬᠡᠯᠡ ᠦᠰᠦᠭ ᠪᠢᠴᠢᠭ ᠤᠨ ᠬᠠᠷᠢᠴᠠᠭᠤᠯᠤᠭᠰᠠᠨ | ᠨᠡᠷ᠎ᠡ ᠲᠣᠮᠢᠶᠠᠨ ᠤ ᠲᠤᠰᠬᠠᠶ ᠮᠡᠷᠭᠡᠵᠢᠯ ᠤᠨ ᠲᠣᠯᠢ ᠪᠢᠴᠢᠭ ᠢ ᠨᠠᠶᠢᠷᠠᠭᠤᠯᠤᠨ ᠪᠢᠴᠢᠵᠦ᠂ ᠵᠠᠰᠠᠪᠤᠷᠢ ᠣᠷᠣᠭᠤᠯᠵᠤ᠂ ᠨᠡᠮᠡᠨ ᠬᠡᠪᠯᠡᠵᠤ᠂ ᠰᠦᠯᠵᠢᠶ᠎ᠡ ᠳᠡᠭᠡᠷᠡᠬᠢ ᠨᠡᠷ᠎ᠡ | ᠲᠣᠮᠢᠶᠠᠨ ᠤ ᠲᠣᠯᠢ ᠪᠤᠶᠤ ᠰᠦᠯᠵᠢᠶ᠎ᠡ ᠳᠡᠭᠡᠷᠡᠬᠢ ᠨᠡᠷ᠎ᠡ ᠲᠣᠮᠢᠶᠠᠨ ᠤ ᠮᠡᠳᠡᠯᠭᠡ ᠶᠢᠨ ᠦᠢᠯᠡᠴᠢᠯᠡᠭᠡᠨ ᠤ ᠲᠠᠪᠴᠠᠩ ᠢ ᠰᠤᠳᠤᠯᠤᠨ ᠨᠡᠭᠡᠭᠡᠵᠦ ᠬᠡᠷᠡᠭᠯᠡᠵᠦ ᠪᠣᠯᠤᠨ᠎ᠠ᠃ | ︵ᠬᠤᠶᠠᠷ︶ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠶᠢᠨ ᠠᠵᠢᠯ ᠢ ᠰᠠᠶᠢᠲᠤᠷ ᠬᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤ ᠪᠠᠷ ᠲᠥᠯᠥᠭᠡᠯᠡᠭᠦᠯᠦᠭᠰᠡᠨ ᠴᠠᠬᠠᠷ ᠠᠮᠠᠨ ᠠᠶᠠᠯᠭᠤ ᠪᠠᠷ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ | ᠪᠣᠯᠭᠠᠬᠤ ᠶᠢ ᠪᠠᠷᠢᠮᠲᠠᠯᠠᠨ᠎ᠠ᠃ ᠬᠡᠷᠡᠭᠴᠡᠭᠡ ᠪᠠᠨ ᠦᠨᠳᠦᠰᠦᠯᠡᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ | ᠪᠣᠯᠪᠠᠰᠤᠷᠠᠯ ᠰᠢᠯᠭᠠᠯᠲᠠ ᠶᠢᠨ ᠲᠥᠪ ︵ᠥᠷᠲᠡᠭᠡ᠂ ᠰᠠᠭᠤᠷᠢᠨ ᠭᠠᠵᠠᠷ︶ ᠠᠴᠠ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠵᠢᠭᠠᠨ ᠰᠤᠷᠭᠠᠯᠲᠠ᠂ ᠪᠣᠯᠪᠠᠰᠤᠷᠠᠯ᠂ | ᠰᠢᠯᠭᠠᠯᠲᠠ ᠪᠠ ᠬᠡᠷᠡᠭᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠭᠤᠷᠪᠠ︶ ᠵᠥᠪ ᠪᠢᠴᠢᠯᠭᠡ ᠶᠢ ᠳᠦᠷᠢᠮᠵᠢᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠨ᠎ᠡ᠃ ︽ᠮᠣᠩᠭᠤᠯ ᠵᠥᠪ ᠪᠢᠴᠢᠯᠭᠡ ᠶᠢᠨ ᠲᠣᠯᠢ︾ ︵2020 ᠣᠨ ᠤ | 11 ᠳ᠋ᠤᠭᠡᠷ ᠰᠠᠷ᠎ᠠ᠂ ᠥᠪᠥᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ᠂ ᠭᠤᠷᠪᠠᠳᠡᠬᠢ ᠬᠡᠪᠯᠡᠯ︶ ᠪᠠᠷ ᠮᠣᠩᠭᠤᠯ ᠪᠢᠴᠢᠯᠭᠡ ᠶᠢᠨ ᠳᠦᠷᠢᠮᠵᠢᠯ ᠪᠤᠯᠭᠠᠨ | ᠨᠢᠭᠡᠳᠭᠡᠨ᠎ᠡ᠃ ᠣᠨᠴᠠ ᠵᠠᠷᠢᠮ ᠪᠢᠴᠢᠯᠭᠡ ᠶᠢᠨ ᠬᠡᠯᠪᠡᠷᠢ ᠶᠢ ᠳᠦᠷᠢᠮᠵᠢᠭᠦᠯᠬᠦ ᠲᠤᠬᠠᠢ ᠤᠬᠠᠭᠤᠯᠭ᠎ᠠ ᠲᠠᠶᠢᠯᠪᠤᠷᠢᠯᠠᠯᠲᠠ ᠶᠢᠨ ᠠᠵᠢᠯ ᠢ ᠰᠠᠶᠢᠲᠤᠷ ᠬᠢᠨ᠎ᠠ᠃ ᠭᠠᠳᠠᠭᠠᠳᠤ | ᠤᠯᠤᠰ ᠤᠨ ᠬᠥᠮᠦᠨ ᠤ ᠨᠡᠷ᠎ᠡ᠂ ᠭᠠᠵᠠᠷ ᠤᠨ ᠨᠡᠷ᠎ᠡ ᠵᠡᠷᠭᠡ ᠶᠢ ᠮᠣᠩᠭᠤᠯ ᠬᠡᠯᠡᠨ ᠳᠤ ᠪᠠᠭᠤᠯᠭᠠᠨ ᠪᠢᠴᠢᠬᠦ ᠶᠢ ᠳᠦᠷᠢᠮᠵᠢᠭᠦᠯᠬᠦ ᠠᠵᠢᠯ ᠢ ᠰᠠᠶᠢᠲᠤᠷ ᠬᠢᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠲᠤᠬᠠᠢ | ︵ᠨᠢᠭᠡ︶ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠮᠣᠩᠭᠤᠯ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠪᠠᠷᠢᠮᠵᠢᠶᠠᠵᠢᠭᠤᠯᠬᠤ ᠠᠵᠢᠯ ᠤᠨ ᠪᠥᠬᠦ | ᠶᠠᠪᠤᠴᠠ ᠳᠤ ᠲᠤᠭᠤᠰᠢᠯᠠᠭᠤᠯᠵᠤ᠂ ᠤᠯᠤᠰ ᠤᠨ ᠦᠭᠡ ᠬᠡᠯᠡᠨ ᠤ ᠠᠮᠤᠷ ᠲᠦᠪᠰᠢᠨ ᠢ ᠬᠠᠮᠠᠭᠠᠯᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠴᠢᠩᠭᠠᠳᠬᠠᠬᠤ ᠦᠨᠳᠦᠷᠴᠡ ᠠᠴᠠ ᠡᠭᠦᠰᠴᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠨᠢᠭᠡᠳᠦᠯᠲᠡᠶ ᠲᠥᠯᠥᠪᠯᠡᠵᠦ ᠲᠣᠬᠢᠷᠠᠭᠤᠯᠤᠨ ᠪᠠᠶᠢᠷᠢᠯᠠᠭᠤᠯᠵᠦ᠂ | ᠠᠶᠤᠯ ᠲᠦᠭᠰᠢᠭᠦᠷᠢ ᠬᠡᠮ ᠰᠤᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠶ᠃ | ︵ᠬᠤᠶᠠᠷ︶ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠵᠢᠯᠤᠭᠤᠳᠬᠤ᠂ | ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠨᠢᠭᠡᠳᠦᠯᠲᠡᠶ ᠲᠥᠯᠥᠪᠯᠡᠬᠦ᠂ ᠰᠠᠯᠠᠭ᠎ᠠ ᠮᠥᠴᠢᠷ ᠳᠡᠮᠵᠢᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ | ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ | ᠵᠣᠬᠢᠴᠠᠩᠭᠤᠶ ᠪᠥᠭᠡᠳ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠦᠨᠳᠦᠰᠦᠲᠡᠨ ᠤ ᠵᠥᠪᠯᠡᠯ ︵ᠮᠣᠩᠭᠤᠯ ᠬᠡᠯᠡ ᠪᠢᠴᠢᠭ ᠤᠨ | ᠠᠵᠢᠯ︶ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠷᠦᠭᠦᠯᠡᠨ ᠵᠣᠬᠢᠴᠠᠭᠤᠯᠬᠤ᠂ ᠨᠢᠭᠡᠳᠦᠯᠲᠡᠶ ᠲᠥᠯᠥᠪᠯᠡᠨ ᠠᠬᠢᠭᠤᠯᠬᠤ | ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠬᠤ ᠬᠡᠷᠡᠭᠲᠡᠶ᠃ ᠲᠤᠰᠬᠠᠢ ᠮᠡᠷᠭᠡᠵᠢᠯ ᠤᠨ ᠵᠢᠯᠣᠭᠤᠳᠬᠤ ᠪᠠᠶᠢᠭᠤᠯᠤᠮᠵᠢ ᠪᠣᠯᠤᠨ ᠮᠣᠩᠭᠤᠯ ᠬᠡᠯᠡᠨ ᠤ ᠪᠠᠷᠢᠮᠵᠢᠶ᠎ᠠ | ᠠᠪᠢᠶᠠᠨ ᠤ ᠪᠣᠯᠪᠠᠰᠤᠷᠠᠯ ᠰᠢᠯᠭᠠᠯᠳᠠ ᠶᠢᠨ ᠲᠥᠪ ︵ᠥᠷᠲᠡᠭᠡ᠂ ᠰᠠᠭᠤᠷᠢᠨ ᠭᠠᠵᠠᠷ︶ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ᠃ | | ︵ᠭᠤᠷᠪᠠ︶ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠳᠬᠠᠵᠤ᠂ ᠮᠣᠩᠭᠤᠯ ᠦᠭᠡ ᠬᠡᠯᠡ | ᠥᠰᠥᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠠᠷ | ᠬᠢᠴᠢᠶᠡᠯᠯᠡᠬᠦ ᠪᠠᠭᠰᠢ ᠪᠣᠯᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠢ ᠰᠢᠯᠭᠠᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠥᠷᠥᠯ | ᠵᠦᠢᠯ ᠢ ᠦᠷᠭᠦᠯᠵᠢᠯᠡᠨ ᠥᠷᠨᠢᠭᠦᠯᠵᠦ᠂ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠬᠦ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠠᠬᠢᠭᠤᠯᠤᠨ᠎ᠠ᠃ | ︵ᠳᠥᠷᠪᠡ︶ ᠪᠠᠷᠢᠮᠵᠢᠶᠠᠨ ᠤ ᠰᠢᠰᠲ᠋ᠧᠮ ᠢ ᠳᠦᠷᠢᠮᠵᠢᠭᠦᠯᠦᠨ᠎ᠡ᠃ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠬᠦ ᠰᠢᠨᠵᠢᠯᠡᠬᠦ ᠤᠬᠠᠭᠠᠨ ᠤ | ᠰᠤᠳᠤᠯᠭᠠᠨ ᠢ ᠥᠷᠨᠢᠭᠦᠯᠵᠦ᠂ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠬᠦ ᠰᠢᠰᠲ᠋ᠧᠮ ᠪᠣᠯᠤᠨ ᠪᠠᠷᠢᠮᠵᠢᠶᠠᠵᠢᠭᠤᠯᠬᠤ ᠰᠢᠰᠲ᠋ᠧᠮ ᠢ | ᠲᠡᠭᠦᠯᠳᠡᠷᠵᠢᠭᠦᠯᠵᠦ᠂ ᠮᠣᠩᠭᠤᠯ ᠦᠭᠡ ᠬᠡᠯᠡ ᠥᠰᠥᠭ ᠪᠢᠴᠢᠭ ᠤᠨ ᠳᠦᠷᠢᠮᠵᠢᠭᠰᠡᠨ ᠪᠠᠷᠢᠮᠵᠢᠶ᠎ᠠ ᠶᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠨᠡᠶᠢᠲᠡᠯᠡᠨ | ᠬᠡᠷᠡᠭᠵᠢᠭᠦᠯᠬᠦ᠂ ᠤᠬᠠᠭᠤᠯᠭ᠎ᠠ ᠬᠥᠮᠦᠵᠢᠯ ᠬᠢᠬᠦ᠂ ᠯᠠᠪᠯᠠᠯᠭ᠎ᠠ ᠥᠭᠬᠦ ᠦᠢᠯᠡᠴᠢᠯᠡᠭᠡ ᠬᠢᠬᠦ ᠵᠡᠷᠭᠡ ᠠᠵᠢᠯ ᠢ ᠰᠠᠶᠢᠲᠤᠷ ᠬᠢᠨ᠎ᠡ᠃ | ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠢ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ 2022 ᠣᠨ ᠤ 12 ᠳ᠋ᠤᠭᠠᠷ ᠰᠠᠷ᠎ᠠ ᠶᠢᠨ 21 ᠤ ᠡᠳᠦᠷ | | |