ᠮᠠᠨ ᠤ ᠬᠤᠳᠠ ᠶᠢᠨ ᠲᠡᠪᠤᠰᠤᠨ ᠤ ᠦᠢᠯᠡᠰ ᠤᠨ ᠡᠷᠭᠢᠯᠳᠡ ᠶᠢᠨ ᠪᠠᠶᠢᠳᠡᠯ ᠤᠭᠢ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2023/2/3
                           2022 ᠣᠨ ᠤ 1 — 12 ᠰᠠᠷ᠎ᠠ ᠳᠤ᠂ ᠣᠷᠳᠣᠰ ᠬᠤᠲᠠ ᠶᠢᠨ ᠳᠠᠪᠤᠰᠤᠨ ᠤ ᠦᠢᠯᠡᠰ ᠤᠨ ᠡᠷᠭᠢᠯᠳᠡ ᠶᠢᠨ ᠪᠠᠶᠢᠳᠠᠯ ᠶᠡᠷᠦᠩᠬᠡᠶ ᠳᠡᠭᠡᠨ ᠨᠡᠯᠢᠶᠡᠳ ᠲᠣᠭᠲᠠᠭᠤᠨ ᠪᠠᠶᠢᠵᠤ᠂ ᠦᠢᠯᠡᠳᠪᠦᠷᠢᠯᠡᠬᠦ᠂ ᠪᠥᠭᠡᠮ ᠢᠶᠠᠷ ᠪᠤᠷᠤᠯᠠᠭᠤᠯᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠳᠠᠪᠤᠰᠤᠨ ᠤ ᠨᠦᠭᠡᠴᠠᠯᠡᠯᠳᠡ ᠭᠦᠢᠴᠡᠳ᠂ ᠨᠦᠭᠡᠴᠡᠯᠡᠯᠳᠡ ᠶᠢᠨ ᠪᠠᠶᠢᠳᠡᠯ ᠰᠠᠶᠢᠨ ᠪᠠᠶᠢᠨ᠎ᠠ᠃          ᠦᠢᠯᠡᠳᠪᠦᠷᠢᠯᠡᠯ ᠤᠨ ᠲᠠᠯ᠎ᠠ ᠪᠠᠷ᠂ ᠪᠥᠬᠦ ᠬᠤᠲᠠ ᠶᠢᠨ ᠢᠳᠡᠰᠢᠨ ᠤ ᠲᠠᠪᠤᠰᠤᠨ ᠤ ᠦᠢᠯᠡᠳᠪᠦᠷᠢᠯᠡᠯ ᠨᠡᠶᠢᠲᠡ 16275.19 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3122.67 ᠲᠣᠨ ᠨᠡᠮᠡᠭᠳᠡᠨ᠂ 23.74% ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠳᠠᠪᠤᠰᠤ ᠶᠢ ᠨᠡᠶᠢᠲᠡ 80375.4 ᠲᠣᠨ ᠦᠢᠯᠡᠳᠪᠦᠷᠢᠯᠡᠪᠡ᠃ ᠪᠣᠷᠣᠯᠠᠭᠤᠯᠭ᠎ᠠ ᠶᠢᠨ ᠲᠠᠯ᠎ᠠ ᠪᠠᠷ᠂ ᠪᠥᠬᠦ ᠬᠤᠲᠠ ᠶᠢᠨ ᠢᠳᠡᠭᠡᠨ ᠤ ᠳᠠᠪᠤᠰᠤ ᠶᠢ ᠨᠡᠶᠢᠲᠡ 21561.66 ᠲᠣᠨ ᠪᠣᠷᠣᠯᠠᠭᠤᠯᠵᠤ᠂ ᠠᠵᠤ ᠦᠢᠯᠡᠳᠪᠦᠷᠢ ᠶᠢᠨ ᠳᠠᠪᠤᠰᠤ ᠶᠢ ᠨᠡᠶᠢᠲᠡ 96444.91 ᠲᠣᠨ ᠪᠣᠷᠣᠯᠠᠭᠤᠯᠵᠤ᠂ ᠪᠤᠰᠤᠳ ᠳᠠᠪᠤᠰᠤ ᠶᠢ ᠨᠡᠶᠢᠲᠡ 1217.34 ᠲᠣᠨ ᠪᠣᠷᠣᠯᠠᠭᠤᠯᠪᠠ᠃ ᠬᠥᠮᠥᠷᠭᠡᠯᠡᠯᠲᠡ ᠶᠢᠨ ᠲᠠᠯ᠎ᠠ ᠪᠠᠷ᠂ ᠪᠥᠬᠦ ᠬᠤᠲᠠ ᠶᠢᠨ ᠢᠳᠡᠰᠢᠨ ᠤ ᠲᠠᠪᠤᠰᠤᠨ ᠤ ᠬᠥᠮᠥᠷᠭᠡᠯᠡᠯᠲᠡ 3836.32 ᠲᠣᠨ ᠪᠠᠶᠢᠵᠤ᠂ ᠠᠵᠤ ᠦᠢᠯᠡᠳᠪᠦᠷᠢ ᠶᠢᠨ ᠳᠠᠪᠤᠰᠤᠨ ᠤ ᠬᠥᠮᠥᠷᠭᠡᠯᠡᠯᠲᠡ 60062.55 ᠲᠣᠨ᠂ ᠪᠤᠰᠤᠳ ᠳᠠᠪᠤᠰᠤᠨ ᠤ ᠬᠥᠮᠥᠷᠭᠡᠯᠡᠯᠲᠡ 342.98 ᠲᠣᠨ ᠳᠤ ᠭᠦᠷᠴᠡᠢ᠃ ᠲᠡᠪᠤᠰᠤᠨ ᠤ ᠨᠦᠭᠡᠴᠡᠯᠡᠯᠳᠡ ᠶᠢᠨ ᠲᠡᠯ᠎ᠠ ᠪᠠᠷ᠂ ᠥᠪᠥᠷ ᠮᠣᠩᠭᠤᠯ ᠤᠨ ᠣᠷᠳᠣᠰ ᠬᠤᠲᠠ ᠶᠢᠨ ᠳᠠᠪᠤᠰᠤᠨ ᠤ ᠦᠢᠯᠡᠰ ᠤᠨ ᠬᠢᠵᠠᠭᠠᠷᠲᠤ ᠺᠣᠮᠫᠠᠨᠢ ᠠᠴᠠ ᠵᠠᠰᠠᠭ ᠤᠨ ᠣᠷᠳᠣᠨ ᠤ ᠨᠦᠭᠡᠴᠡᠯᠡᠯᠳᠡ ᠶᠢᠨ ᠳᠠᠪᠤᠰᠤᠨ ᠤ ᠡᠭᠦᠷᠭᠡ ᠶᠢ ᠡᠭᠦᠷᠭᠡᠯᠡᠵᠦ᠂ ᠪᠥᠬᠦ ᠬᠤᠲᠠ ᠶᠢᠨ ᠡᠯ᠎ᠡ ᠬᠤᠰᠢᠭᠤ ᠲᠣᠭᠤᠷᠢᠭ ᠲᠤ ᠴᠥᠮ ᠨᠦᠭᠡᠴᠡᠯᠡᠵᠤ᠂ ᠨᠡᠶᠢᠲᠡ 1848.38 ᠲᠣᠨ ᠢᠳᠡᠰᠢᠨ ᠤ ᠳᠠᠪᠤᠰᠤ ᠶᠢ ᠨᠦᠭᠡᠴᠡᠯᠡᠨ᠂ ᠡᠭᠦᠨ ᠳᠤ ᠵᠠᠰᠠᠭ ᠤᠨ ᠣᠷᠳᠣᠨ ᠠᠴᠠ 700 ᠲᠤᠨ ᠨᠦᠭᠡᠴᠡᠯᠡᠵᠤ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭᠠᠲᠤ ᠨᠥᠭᠡᠴᠠ 565 ᠲᠣᠨ ᠪᠤᠯᠪᠡ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ