| ᠭᠢᠶ᠎ᠠ ᠪᠠᠭᠰᠢ ᠶᠢᠨ ᠮᠡᠳᠡᠭᠡ ᠴᠠᠭᠠᠨ ᠰᠠᠷ᠎ᠠ ᠶᠢᠨ ᠠᠮᠠᠷᠠᠯᠲᠠ ᠳᠤ᠂ ᠮᠠᠨ ᠤ ᠬᠤᠲᠠ ᠶᠢᠨ ᠰᠣᠶᠣᠯ ᠪᠠ ᠵᠤᠭᠠᠴᠠᠯ ᠤᠨ ᠰᠢᠰᠲ᠋ᠧᠮ ᠤᠨ ᠬᠢᠨ ᠠᠮᠤᠷ ᠲᠦᠪᠰᠢᠨ ᠢ | ᠪᠠᠲᠤᠯᠠᠬᠤ᠂ ᠲᠣᠭᠲᠠᠭᠤᠨ ᠢ ᠠᠬᠢᠭᠤᠯᠬᠤ ᠡᠯ᠎ᠡ ᠲᠦᠷᠤᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠠᠷᠠᠯᠲᠠ ᠶᠢᠨ ᠡᠳᠦᠷ ᠤᠨ ᠰᠣᠶᠣᠯ ᠪᠠ | ᠵᠤᠭᠠᠴᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠲᠥᠷᠤᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠴᠠᠭᠠᠨ ᠰᠠᠷ᠎ᠠ ᠶᠢᠨ ᠵᠤᠭᠠᠴᠡᠯ᠂ ᠮᠥᠰᠥ ᠴᠠᠰᠤᠨ ᠤ ᠵᠤᠭᠠᠴᠡᠯ᠂ ᠬᠥᠳᠡᠭᠡ ᠲᠣᠰᠬᠤᠨ ᠤ ᠵᠤᠭᠠᠴᠡᠯ᠂ ᠴᠠᠭᠠᠨ ᠰᠠᠷ᠎ᠠ ᠶᠢᠨ ᠰᠣᠶᠣᠯ ᠵᠡᠷᠭᠡ ᠴᠠᠭᠠᠨ ᠰᠠᠷ᠎ᠠ ᠶᠢᠨ | ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠠᠶᠢᠲᠤᠷ ᠬᠢᠵᠦ᠂ ᠪᠠᠶᠠᠷ ᠤᠨ | ᠡᠳᠦᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠰᠣᠶᠣᠯ ᠪᠠ ᠵᠤᠭᠠᠴᠡᠯ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠪᠠ᠃ | ᠲᠥᠰᠦᠭᠡᠯᠡᠨ ᠪᠤᠳᠤᠵᠤ ᠪᠦᠷᠢᠳᠭᠡᠭᠰᠡᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠣᠷᠳᠣᠰ ᠬᠤᠲᠠ ᠤᠯᠤᠰ ᠤᠨ ᠳᠣᠲᠣᠭᠠᠳᠤ ᠶᠢᠨ | ᠵᠤᠭᠠᠴᠠᠭᠰᠠᠳ ᠢ ᠨᠡᠶᠢᠲᠡ 69.49 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠤᠭᠠᠴᠠᠯ ᠤᠨ ᠣᠷᠣᠯᠭ᠎ᠠ ᠶᠢ 2.42 ᠳ᠋ᠦᠩᠰᠢᠭᠤᠷ | ᠲᠥᠭᠦᠷᠢᠭ ᠪᠡᠶᠡᠯᠡᠭᠦᠯᠪᠡ᠃ | ᠡᠭᠦᠨ ᠠᠴᠠ ᠭᠠᠳᠠᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠬᠤᠲᠠ ᠶᠢᠨ ᠰᠣᠶᠣᠯ ᠪᠠ ᠵᠤᠭᠠᠴᠡᠯ ᠤᠨ ᠲᠣᠪᠴᠢᠶ᠎ᠠ ᠠᠴᠠ 8 ᠱᠠᠯᠠᠪᠳᠠᠭᠤᠯᠤᠨ ᠪᠠᠶᠢᠴᠠᠭᠠᠬᠤ | ᠳᠤᠭᠤᠶᠢᠯᠠᠩ ᠲᠣᠮᠢᠯᠠᠵᠤ᠂ ᠡᠯ᠎ᠡ ᠬᠤᠰᠢᠭᠤ ᠲᠤᠭᠤᠷᠢᠭ ᠲᠤ ᠤᠴᠢᠭᠤᠯᠤᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ᠃ ᠪᠥᠬᠦ ᠬᠤᠲᠠ ᠶᠢᠨ ᠰᠣᠶᠣᠯ ᠤᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ 628 ᠬᠥᠮᠦᠨ ᠤᠳᠠᠭ᠎ᠠ ᠬᠥᠳᠡᠯᠤᠯᠴᠡᠨ᠂ ᠰᠣᠶᠣᠯ ᠪᠠ ᠵᠤᠭᠠᠴᠡᠯ ᠤᠨ ᠡᠵᠡᠩᠨᠡᠯᠲᠡ ᠶᠢᠨ | ᠨᠢᠭᠡᠴᠢ ᠶᠢ 239 ᠤᠳᠠᠭ᠎ᠠ ᠪᠠᠶᠢᠴᠠᠭᠠᠪᠠ᠃ | |