​ ᠯᠢ ᠯᠢ ᠳ᠋ᠦ᠋ ᠬᠤᠢ ᠯᠢᠶᠠᠩ ᠪᠡᠭᠡᠵᠢᠩ ᠳᠤ ᠭᠦᠷᠴᠤ ᠬᠤᠯᠪᠤᠬᠳᠡᠯ ᠪᠦᠭᠦᠢ ᠲᠦᠪ ᠤᠨ ᠠᠵᠤ ᠠᠬᠤᠶᠢᠯᠡᠯ ᠤᠨ ᠬᠢᠨ ᠲᠠᠢ ᠪᠠᠷᠠᠳᠠᠨ ᠵᠤᠯᠭᠠᠪᠠ
ᠨᠡᠶᠢᠲᠡᠯᠡᠭᠰᠡᠨ ᠴᠠᠭ᠄
2023/2/9
      ᠪᠦᠬᠦ ᠬᠤᠲᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠳᠠᠷᠠᠭ᠎ᠠ᠂ 1 ᠰᠠᠷ᠎ᠠ ᠶᠢᠨ 31 ᠤ ᠡᠳᠦᠷ ᠠᠴᠠ 2 ᠰᠠᠷ᠎ᠠ ᠶᠢᠨ 2 ᠤᠨ ᠡᠳᠦᠷ ᠪᠤᠯᠳᠡᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠵᠥᠩ ᠮᠧᠶ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠲᠣᠣᠷ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠬᠤᠸᠠ ᠨᠧᠩ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠲᠥᠪ ᠤᠨ ᠠᠵᠤ ᠠᠬᠤᠶᠢᠯᠠᠯ ᠤᠨ ᠬᠢᠨ ᠲᠠᠢ ᠵᠤᠯᠭᠠᠡᠯᠳᠡ ᠭᠢᠵᠤ᠂ ᠮᠠᠨ ᠤ ᠬᠤᠳᠠ ᠶᠢᠨ ᠡᠯ᠎ᠡ ᠬᠤᠯᠪᠣᠭᠳᠠᠯ ᠪᠦᠬᠦᠢ ᠲᠥᠪ ᠤᠨ ᠠᠵᠤ ᠠᠬᠤᠶᠢᠯᠠᠯ ᠯᠤᠭ᠎ᠠ ᠶᠢᠨ ᠳᠠᠷᠠᠭᠠᠴᠢ ᠶᠢᠨ ᠠᠯᠬᠤᠮ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠵᠤᠯᠭᠠᠯᠴᠠᠭᠤᠯᠬᠤ ᠰᠠᠨᠠᠯ ᠢ ᠰᠤᠯᠢᠯᠴᠠᠪᠡ᠃       ᠯᠢ ᠯᠢ ᠲᠥᠪ ᠤᠨ ᠠᠵᠤ ᠠᠬᠤᠶᠢᠯᠠᠯ ᠤᠨ ᠤᠷᠳᠤ ᠬᠤᠭᠤᠴᠠᠭᠠᠨ ᠤ ᠲᠤᠷᠰᠢ ᠤᠷᠳᠤᠰ ᠲᠤ ᠦᠵᠡᠭᠦᠯᠦᠭᠰᠡᠨ ᠬᠠᠯᠠᠮᠵᠢᠯᠠᠯ ᠪᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠤᠢᠢᠷ᠎ᠠ ᠶᠢᠨ ᠵᠢᠯ ᠤᠳ ᠠᠴᠠ᠂ ᠤᠷᠳᠤᠰ ᠬᠤᠳᠠ ᠲᠥ᠋ᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠤ ᠠᠬᠤᠢ ᠶᠢᠨ ᠪᠣᠳᠠᠲᠤ ᠬᠦᠴᠦᠨ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠳᠤ ᠴᠥᠮ ᠰᠢᠨ᠎ᠡ ᠦᠷ᠎ᠡ ᠪᠦᠲᠦᠮᠵᠢ ᠣᠯᠵᠤ᠂ ᠠᠮᠵᠢᠯᠲᠠ ᠪᠦᠲᠦᠮᠵᠢ ᠣᠯᠤᠭᠰᠠᠨ ᠨᠢ ᠲᠥᠪ ᠤᠨ ᠠᠵᠤ ᠠᠬᠤᠶᠢᠯᠠᠯ ᠤᠨ ᠪᠦᠬᠦ ᠬᠦᠴᠦᠨ ᠤ ᠬᠠᠪᠰᠤᠷᠤᠯᠭ᠎ᠠ᠂ ᠪᠦᠬᠦ ᠰᠡᠳᠭᠢᠯ ᠤᠨ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃         ᠲᠥᠪ ᠤᠨ ᠠᠵᠤ ᠠᠬᠤᠶᠢᠯᠠᠯ ᠤᠳ ᠤᠷᠳᠤᠰ ᠬᠤᠳᠠ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠲᠠᠢ ᠪᠠᠶᠢᠵᠤ᠂ ᠤᠯᠠᠨ ᠵᠢᠯ ᠤᠨ ᠲᠤᠷᠰᠢ ᠤᠷᠳᠤᠰ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠵᠦ᠂ ᠭᠦᠨ ᠵᠤᠵᠠᠭᠠᠨ ᠨᠥᠬᠦᠷᠯᠡᠯ ᠢ ᠪᠠᠶᠢᠭᠤᠯᠤᠭᠰᠠᠨ ᠪᠠᠶᠢᠨ᠎ᠠ᠃ ᠲᠥᠪ ᠤᠨ ᠡᠯ᠎ᠡ ᠠᠵᠤ ᠠᠬᠤᠶᠢᠯᠠᠯ ᠯᠤᠭ᠎ᠠ ᠬᠠᠮᠲᠤᠷᠠᠯᠴᠠᠭᠠᠨ ᠤ ᠬᠦᠷᠢᠶ᠎ᠠ ᠴᠠᠷᠠᠭ᠎ᠠ ᠪᠠᠨ ᠦᠷᠭᠦᠯᠵᠢᠯᠡᠨ ᠥᠷᠭᠡᠳᠭᠡᠵᠦ᠂ ᠰᠢᠨ᠎ᠡ ᠶᠢ ᠡᠭᠦᠳᠬᠦ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠂ ᠰᠢᠨ᠎ᠡ ᠲᠣᠭᠲᠠᠴᠠ ᠶᠢ ᠬᠠᠶᠢᠨ ᠰᠦᠪᠡᠭᠴᠢᠯᠡᠵᠤ᠂ ᠰᠢᠨ᠎ᠡ ᠬᠠᠮᠲᠤᠷᠠᠯᠴᠠᠭ᠎ᠠ ᠭᠢᠵᠤ᠂ ᠬᠤᠯᠪᠣᠭᠳᠠᠯ ᠪᠦᠬᠦᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠭᠠᠷ ᠬᠤᠯᠪᠣᠯᠴᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃       ᠳ᠋ᠦ᠋ ᠬᠤᠢ ᠯᠢᠶᠠᠩ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠦᠭᠦᠮ ᠲᠠᠨᠢᠯᠴᠠᠭᠤᠯᠪᠠ᠃ ᠲᠡᠷᠡ᠂ ᠠᠵᠤ ᠠᠬᠤᠶᠢᠯᠠᠯ ᠪᠣᠯᠤᠨ ᠣᠷᠣᠨ ᠨᠤᠲᠤᠭ ᠤᠨ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠨᠧᠷᠭᠢ ᠶᠢᠨ ᠨᠡᠭᠡᠭᠡᠨ ᠠᠰᠢᠭᠯᠠᠯᠲᠠ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠠ ᠶᠢᠨ ᠬᠥᠭᠵᠢᠯᠲᠡ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠤᠯᠠᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠤᠷᠳᠤᠰ ᠲᠤ ᠨᠤᠳᠤᠬᠰᠢᠭᠤᠯᠬᠤ ᠶᠢ ᠬᠦᠰᠡᠵᠦ ᠪᠠᠶᠢᠨ᠎ᠠ᠃ ᠤᠷᠳᠤᠰ ᠬᠤᠳᠠ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ ᠪᠤᠢ ᠪᠣᠯᠭᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠥᠨᠳᠥᠷ ᠪᠦᠲᠦᠮᠵᠢᠲᠡᠢ ᠦᠢᠯᠡᠴᠢᠯᠡᠭᠡ ᠬᠠᠨᠭ᠍ᠭᠠᠨ᠎ᠠ ᠭᠡᠵᠡᠢ᠃       ᠬᠤᠯᠪᠣᠭᠳᠠᠯ ᠪᠦᠬᠦᠢ ᠲᠥᠪ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠣᠷᠳᠣᠰ ᠤᠨ ᠬᠥᠭᠵᠢᠯᠲᠡ ᠶᠢᠨ ᠢᠷᠡᠭᠡᠳᠦᠶ ᠪᠣᠯᠤᠨ ᠣᠷᠳᠣᠰ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠠᠷᠭ᠎ᠠ ᠬᠡᠮᠵᠢᠶ᠎ᠡ ᠶᠢ ᠰᠠᠨᠠᠯ ᠨᠢᠭᠡᠲᠡᠶ ᠥᠨᠳᠤᠷ ᠥᠨᠡᠯᠠᠵᠦ᠂ ᠤᠷᠳᠤᠰ ᠤᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠵᠣᠯᠭᠠᠭᠤᠯᠬᠤ ᠶᠢᠨ ᠬᠠᠮᠲᠤ ᠡᠷᠴᠢᠮ ᠢᠶᠠᠨ ᠴᠢᠩᠭᠠᠷᠠᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶᠡᠨ ᠳᠤ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠤᠯᠤᠨ ᠰᠢᠨ᠎ᠡ ᠶᠢ ᠡᠭᠦᠳᠬᠦ ᠶᠢ ᠰᠦᠪᠡᠭᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠵᠡᠭᠡᠪᠡ᠃       ᠬᠤᠳᠠ ᠶᠢᠨ ᠤᠳᠤᠷᠢᠳᠤᠯᠭ᠎ᠠ ᠰᠤ᠋ ᠼᠦᠢ ᠹᠠᠩ ᠵᠢᠴᠢ ᠬᠤᠯᠪᠣᠭᠳᠠᠯ ᠪᠦᠬᠦᠢ ᠬᠤᠰᠢᠭᠤ ᠲᠣᠭᠤᠷᠢᠭ ᠪᠣᠯᠤᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ