ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 2023 ᠣᠨ ᠤ 3 ᠰᠠᠷ᠎ᠠ ᠶᠢᠨ 5 ᠤ ᠡᠳᠦᠷ ᠪᠡᠭᠡᠵᠢᠩ ᠳᠤ ᠬᠤᠷᠠᠯᠳᠤᠨ᠎ᠠ
ᠨᠡᠶᠢᠲᠡᠯᠡᠭᠰᠡᠨ ᠴᠠᠭ᠄
2023/2/9
      ᠰᠢᠨᠬᠤᠸᠠ ᠬᠤᠷᠢᠶᠠᠨ ᠤ ᠪᠡᠭᠡᠵᠢᠩ ᠤᠨ 2022 ᠤᠨ ᠤ 12 ᠰᠠᠷ᠎ᠠ ᠶᠢᠨ 30 ᠤ ᠴᠠᠬᠢᠯᠭᠠᠨ ᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠠᠢᠮᠠᠳᠤᠭᠠᠷ ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ ᠢ 30 ᠤ ᠡᠳᠦᠷ ᠪᠠᠳᠤᠯᠠᠯᠳᠠ ᠦᠭᠴᠦ ᠪᠠᠲᠤᠯᠠᠪᠠ᠃  ᠲᠣᠭᠲᠠᠭᠠᠯ ᠢ ᠦᠨᠳᠦᠰᠦᠯᠡᠪᠡᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ 2023 ᠣᠨ ᠤ 3 ᠰᠠᠷ᠎ᠠ ᠶᠢᠨ 5 ᠤ ᠡᠳᠦᠷ ᠪᠡᠭᠡᠵᠢᠩ ᠳᠤ ᠬᠤᠷᠠᠯᠳᠤᠭᠤᠯᠤᠨ᠎ᠠ᠃         ᠲᠣᠭᠲᠠᠭᠠᠯ ᠳᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠥᠪᠯᠡᠬᠦ ᠵᠦᠢᠯ ᠤᠨ ᠲᠤᠬᠠᠢ ᠰᠠᠨᠠᠭᠤᠯᠭ᠎ᠠ ᠳᠤᠷᠠᠳᠪᠠ᠄ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠥᠪᠯᠡᠨ᠎ᠡ︔ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠦᠢᠴᠡᠳᠭᠡᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ᠂ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠨ᠎ᠠ︔ 2022 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠬᠢᠭᠡᠳ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ᠂ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠨ᠎ᠠ︔ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ ︵ᠵᠠᠰᠠᠪᠤᠷᠢ ᠣᠷᠣᠭᠤᠯᠬᠤ ᠲᠥᠰᠦᠯ︶︾ ᠶᠢ ᠲᠡᠪᠰᠢᠬᠦᠯᠦᠨ ᠬᠢᠨᠠᠨ ᠵᠦᠪᠯᠡᠬᠦᠯᠬᠦ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠠᠨᠠᠯ ᠵᠥᠪᠯᠡᠯᠭᠡ ᠶᠢ ᠬᠢᠨᠠᠨ ᠵᠦᠪᠯᠡᠨ᠎ᠡ︔ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠶᠢ ᠬᠢᠨᠠᠨ ᠵᠦᠪᠯᠡᠨ᠎ᠡ︔ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠶᠢ ᠬᠢᠨᠠᠨ ᠵᠦᠪᠯᠡᠨ᠎ᠠ︔ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠶᠢ ᠬᠢᠨᠠᠨ ᠵᠦᠪᠯᠡᠨ᠎ᠡ ︔ ᠲᠦᠷᠦ ᠶᠢᠨ ᠪᠠᠶᠢᠭᠤᠯᠤᠮᠵᠢ ᠶᠢᠨ ᠪᠦᠷᠢᠯᠳᠦᠬᠦᠨ ᠢ ᠰᠣᠩᠭᠤᠬᠤ ᠪᠠ ᠲᠣᠮᠢᠯᠠᠬᠤ ᠪᠠᠷ ᠲᠣᠭᠲᠠᠭᠠᠬᠤ ᠵᠡᠷᠭᠡ ᠪᠣᠯᠤᠨ᠎ᠠ᠃      ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠵᠤ ᠪᠠᠶᠢᠭ᠎ᠠ ᠲᠠᠰᠢᠷᠠᠮ ᠢᠶᠠᠷ᠂ ᠬᠥᠮᠦᠰ ᠳᠡᠯᠡᠬᠡᠶ ᠶᠢᠨ ᠡᠯ᠎ᠡ ᠭᠠᠵᠠᠷ ᠲᠤ ᠰᠢᠨ᠎ᠡ ᠨᠢᠭᠡᠨ ᠵᠢᠯ ᠢᠶᠠᠨ ᠪᠠᠶᠠᠷᠯᠠᠨ ᠤᠭᠲᠤᠨ᠎ᠡ᠃ ᠵᠢᠷᠤᠭ ᠪᠣᠯ 2022 ᠣᠨ ᠤ 12 ᠰᠠᠷ᠎ᠠ ᠶᠢᠨ 31 ᠤ ᠡᠳᠦᠷ ᠰᠷᠢ ᠯᠠᠨᠺᠠ ᠶᠢᠨ ᠺᠤᠯᠤᠮᠪᠤ ᠳᠤ ᠰᠡᠭᠦᠳᠡᠷᠯᠡᠭᠰᠡᠨ ᠰᠢᠨ᠎ᠡ ᠵᠢᠯ ᠢᠶᠠᠨ ᠤᠭᠲᠤᠬᠤ ᠬᠤᠸᠠᠷ ᠫᠤᠤᠵᠢᠩ᠃   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ