ᠮᠠᠨ ᠤ ᠬᠤᠲᠠ ᠣᠢ ᠰᠢᠭᠤᠶ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡ᠊ᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ
ᠨᠡᠶᠢᠲᠡᠯᠡᠭᠰᠡᠨ ᠴᠠᠭ᠄
2023/2/9
     ᠣᠶᠢᠷ᠎ᠠ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠣᠶ ᠰᠢᠭᠤᠶ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡ᠊ᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡ᠊ᠩᠨᠡᠭᠡ ᠶᠢᠨ ᠵᠢᠷᠤᠮᠵᠢᠭᠤᠯᠤᠯᠲᠠ᠂ ᠲᠤᠰᠬᠠᠶᠢᠵᠢᠭᠤᠯᠤᠯᠲᠠ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠣᠷᠳᠣᠰ ᠤᠨ ᠰᠡᠷᠭᠡᠶᠢᠯᠡᠯᠲᠡ ᠶᠢᠨ ᠱᠤᠭᠤᠮ ᠤᠨ ᠲᠣᠭᠲᠠᠭᠤᠨ ᠪᠥᠭᠡᠳ ᠪᠠᠲᠤ ᠪᠠᠬᠢ ᠪᠠᠶᠢᠬᠤ ᠶᠢ ᠦᠨᠡᠨ ᠬᠦ ᠪᠠᠲᠤᠯᠠᠪᠠ᠃     ︽ᠰᠠᠨᠠᠯ︾ ᠳᠤ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡ᠊ᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠨᠤᠲᠤᠭ ᠪᠡᠯᠴᠢᠭᠡᠷ᠂ ᠣᠶ ᠰᠢᠭᠤᠶ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠮᠥᠨ︾ ᠪᠠ ︽ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠰᠢᠨ᠎ᠡ ᠪᠠᠶᠢᠳᠠᠯ ᠳᠤᠤᠷᠠᠬᠢ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠡᠭᠦᠷᠭᠡ᠂ ᠰᠢᠨ᠎ᠡ ᠬᠡᠷᠡᠭᠴᠡᠭᠡ ᠳᠤ ᠵᠣᠬᠢᠴᠠᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠠᠶᠤᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠴᠢᠬᠤᠯᠠ ᠠᠬᠢᠭᠤᠯᠤᠭᠴᠢ ᠮᠥᠨ ᠭᠡᠵᠤ ᠵᠢᠭᠠᠵᠤ ᠭᠠᠷᠭᠠᠪᠠ᠃ ︽ᠰᠠᠨᠠᠯ︾ ᠳᠤ ᠲᠤᠰᠬᠠᠶ ᠮᠡᠷᠭᠡᠵᠢᠯ᠂ ᠬᠠᠭᠠᠰ ᠲᠤᠰᠬᠠᠶ ᠮᠡᠷᠭᠡᠵᠢᠯ ᠪᠠ ᠣᠯᠠᠨ ᠲᠦᠮᠡᠨᠴᠢ ᠴᠢᠨᠠᠷᠲᠡᠢ ᠬᠦᠴᠦᠨ ᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠦ᠂ ᠬᠤᠲᠠ ᠶᠢᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠪᠡᠯᠡᠳᠭᠡᠯ ᠬᠦᠴᠦᠨ᠂ ᠬᠤᠰᠢᠭᠤ ᠲᠣᠭᠤᠷᠢᠭ ᠤᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠮᠡᠷᠭᠡᠵᠢᠯ ᠤᠨ ᠡ᠊ᠩᠨᠡᠭᠡ ᠪᠠᠷ ᠭᠤᠤᠯ ᠴᠣᠭᠴᠠ ᠪᠣᠯᠭᠠᠭᠰᠠᠨ᠂ ᠰᠤᠮᠤ ᠰᠢᠶᠠᠩ ᠪᠠᠯᠭᠠᠰᠤ ᠵᠡᠷᠭᠡ ᠬᠠᠭᠠᠰ ᠲᠤᠰᠬᠠᠶ ᠮᠡᠷᠭᠡᠵᠢᠯ ᠤᠨ ᠡ᠊ᠩᠨᠡᠭᠡ ᠪᠠ ᠭᠠᠴᠠᠭ᠎ᠠ ᠲᠣᠰᠬᠤᠨ ᠤ ᠣᠯᠠᠨ ᠲᠦᠮᠡᠨᠴᠢ ᠴᠢᠨᠠᠷᠲᠠᠶ ᠡ᠊ᠩᠨᠡᠭᠡ ᠪᠠᠷ ᠲᠤᠰᠠᠯᠠᠬᠤ ᠬᠦᠴᠦᠨ ᠪᠣᠯᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡ᠊ᠩᠨᠡᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ᠂ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ᠂ ᠵᠡᠪᠰᠡᠭᠲᠦ ᠴᠠᠭᠳᠠᠭ᠎ᠠ᠂ ᠡᠷᠦᠬᠡ ᠶᠢᠨ ᠴᠡᠷᠢᠭ ᠤᠨ ᠡ᠊ᠩᠨᠡᠭᠡ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠠᠯ ᠰᠡᠷᠭᠡᠶᠢᠯᠡᠵᠦ ᠤᠨᠲᠠᠷᠠᠭᠠᠬᠤ ᠡ᠊ᠩᠨᠡᠭᠡ ᠶᠢ ᠬᠠᠭᠠᠰ ᠲᠤᠰᠬᠠᠶ ᠮᠡᠷᠭᠡᠵᠢᠯ ᠤᠨ ᠪᠡᠯᠡᠳᠭᠡᠯ ᠬᠦᠴᠦᠨ ᠪᠤᠯᠭᠠᠨ᠎ᠠ︔ ᠡᠯ᠎ᠡ ᠬᠤᠰᠢᠭᠤ ᠲᠣᠭᠤᠷᠢᠭ᠂ ᠪᠠᠶᠢᠭᠤᠯᠭ᠎ᠠ ᠨᠢᠭᠡᠴᠢ ᠶᠢᠨ ᠡ᠊ᠩᠨᠡᠭᠡ ᠶᠢᠨ ᠪᠠᠶᠢᠭᠤᠯᠤᠯᠲᠠ᠂ ᠠᠵᠢᠯᠯᠠᠭᠠᠨ᠂ ᠴᠠᠯᠢᠩ᠂ ᠪᠣᠯᠪᠠᠰᠤᠷᠠᠯ᠂ ᠡᠭᠦᠷᠭᠡ ᠪᠠᠨ ᠭᠦᠢᠴᠡᠳᠭᠡᠬᠦ ᠨᠥᠬᠦᠪᠥᠷᠢ ᠶᠢᠨ ᠵᠠᠷᠤᠳᠠᠯ ᠵᠡᠷᠭᠡ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠤᠯᠤᠰ ᠤᠨ ᠬᠤᠯᠪᠣᠭᠳᠠᠯ ᠪᠥᠬᠦᠶ ᠪᠠᠷᠢᠮᠵᠢᠶ᠎ᠠ ᠶᠢ ᠦᠨᠳᠦᠰᠦᠯᠡᠨ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔  ᠡᠯ᠎ᠡ ᠲᠥᠷᠥᠯ ᠤᠨ ᠡ᠊ᠩᠨᠡᠭᠡ ᠨᠢ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠂ ᠭᠠᠯ ᠤᠨ ᠢᠷᠡᠯᠳᠡ ᠶᠢᠨ ᠬᠠᠮᠢᠶᠠᠷᠤᠯᠲᠠ᠂ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠡᠨ ᠰᠡᠷᠡᠮᠵᠢᠯᠡᠭᠦᠯᠬᠦ᠂ ᠲᠠᠯᠳᠠ ᠭᠡᠮ ᠢ ᠵᠢᠭᠰᠠᠭᠠᠨ ᠪᠠᠶᠢᠴᠠᠭᠠᠬᠤ ᠵᠡᠷᠭᠡ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠤ᠂ ᠰᠣᠷᠢᠯᠲᠠ ᠪᠣᠯᠪᠠᠰᠤᠷᠠᠯ ᠪᠠ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠤ ᠲᠤᠳᠤᠷᠬᠠᠶᠢᠯᠠᠪᠠ᠃     ᠣᠶᠢᠯᠠᠭᠠᠭᠰᠠᠨ ᠢᠶᠠᠷ᠂ ︽ᠰᠠᠨᠠᠯ︾ ᠢ ᠨᠡᠶᠢᠲᠡᠯᠡᠭᠰᠡᠨ ᠨᠢ ᠮᠠᠨ ᠤ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠭᠯᠡᠯ ᠪᠠ ᠬᠠᠷᠠᠯᠲᠠ ᠶᠢ ᠲᠣᠳᠣᠷᠬᠠᠶᠢᠯᠠᠵᠤ᠂ ᠮᠠᠨ ᠤ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠪᠠ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠮᠡᠷᠭᠡᠵᠢᠯ ᠤᠨ ᠡ᠊ᠩᠨᠡᠭᠡ ᠶᠢᠨ ᠪᠠᠶᠢᠭᠤᠯᠤᠯᠲᠠ ᠶᠢ ᠣᠶ ᠰᠢᠭᠤᠢ ᠢᠢᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠬᠤ ᠳᠤ ᠵᠡᠷᠭᠡ ᠪᠠᠷ ᠣᠷᠣᠭᠤᠯᠪᠠ᠃   
ᠢᠷᠡᠯᠲᠡ᠄ ᠤᠷᠳᠤᠰ ᠮᠤᠩᠭᠤᠯ ᠰᠦᠯᠵᠢᠶ᠎ᠡ